ᠯᠢᠨ ᠱᠤᠤ ᠴᠦᠨ ᠪᠦᠬᠦ ᠣᠷᠣᠨ ᠤ ᠡᠯ᠎ᠡ ᠠᠶᠢᠮᠠᠭ ᠬᠤᠳᠠ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠭᠡᠰᠢᠭᠦᠳ ᠲᠠᠢ ᠬᠠᠮᠲᠤ ᠶᠢᠨ ᠶᠠᠷᠢᠯᠴᠠᠭ᠎ᠠ ᠬᠢᠬᠦ ᠳᠤ ᠪᠠᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠠᠮᠤᠷ ᠲᠣᠭᠲᠠᠭᠤᠨ ᠢ ᠬᠠᠮᠠᠭᠠᠯᠠᠵᠤ ᠰᠢᠨ᠎ᠡ ᠠᠶᠠᠨ ᠳᠤ ᠪᠠᠨ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤᠳᠬᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/19

      10 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠠᠢ ᠬᠠᠮᠲᠤ ᠶᠢᠨ ᠶᠠᠷᠢᠯᠴᠠᠭ᠎ᠠ ᠬᠢᠬᠦ ᠳᠤ ᠪᠠᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠭᠡᠰᠢᠭᠦᠳ ᠰᠢᠨ᠎ᠡ ᠠᠶᠠᠨ ᠳᠤ ᠪᠠᠨ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤᠳᠬᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃

      ᠯᠢᠨ ᠱᠣᠣ ᠴᠦᠨ ᠴᠢᠬᠤᠯᠠᠴᠢᠯᠠᠭᠰᠠᠨ ᠨᠢ᠂ ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠭᠡᠰᠢᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠶᠡᠭᠡ ᠲᠠᠯ᠎ᠠ︾ ᠶᠢ ᠪᠣᠳᠣᠯᠬᠢᠯᠠᠨ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠬᠤ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠦᠨᠳᠦᠷᠴᠡ ᠠᠴᠠ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮᠳᠠᠭᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠠᠷᠠᠯᠲᠠ ᠪᠠᠨ ᠲᠣᠳᠣᠷᠬᠠᠶᠢᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤᠳᠬᠠᠬᠤ ᠭᠤᠣᠯᠳᠠᠯᠭ᠎ᠠ ᠲᠠᠢ ᠡᠭᠦᠷᠭᠡ ᠶᠢ ᠪᠠᠲᠤ ᠴᠡᠭᠡᠵᠢᠯᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠪᠣᠳᠠᠲᠠᠢ ᠪᠥᠭᠡᠳ ᠨᠠᠷᠢᠯᠢᠭ ᠬᠢᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠳᠠᠷᠤᠭᠳᠠᠮᠠᠯ ᠬᠡᠷᠡᠭ ᠤᠨ ᠰᠢᠪᠲᠤᠯᠤᠯᠲᠠ ᠶᠢ ᠭᠦᠨᠵᠡᠭᠡᠶᠢᠷᠡᠭᠦᠯᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠬᠦ ᠶᠢ ᠪᠠᠷᠢᠮᠲᠠᠯᠠᠵᠤ᠂ ︽ᠤᠴᠢᠷ ᠶᠠᠪᠤᠳᠠᠯ ᠰᠢᠢᠳᠪᠦᠷᠢᠯᠡᠬᠦ︾ ᠶᠢ ᠬᠦᠴᠦᠯᠡᠨ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠠᠮᠤᠷ ᠲᠣᠭᠲᠠᠭᠤᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠬᠦᠴᠦᠯᠡᠨ ᠪᠠᠲᠤᠳᠬᠠᠵᠤ᠂ ᠵᠤᠷᠪᠤᠰ ᠪᠠ ᠬᠡᠰᠡᠭ ᠢ ᠤᠶᠠᠯᠳᠤᠭᠤᠯᠬᠤ᠂ ᠱᠠᠳᠤ ᠬᠤᠪᠢᠶᠠᠨ ᠬᠠᠷᠢᠭᠤᠴᠠᠬᠤ ᠶᠢ ᠦᠨᠡᠨ ᠬᠦ ᠭᠦᠢᠴᠡᠳᠬᠡᠵᠦ᠂ ᠨᠠᠮ ᠪᠠ ᠠᠷᠠᠳ ᠲᠦᠮᠡᠨ ᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠡᠢ᠃

      ᠶᠠᠷᠢᠯᠴᠠᠭ᠎ᠠ ᠰᠣᠯᠢᠯᠴᠠᠭ᠎ᠠ ᠶᠢᠨ ᠠᠭᠤᠯᠤᠭᠳᠠᠬᠤᠨ ᠨᠢ ᠪᠠᠶᠠᠯᠢᠭ᠂ ᠱᠠᠭᠠᠷᠳᠠᠯᠭ᠎ᠠ ᠨᠢ ᠪᠣᠳᠠᠲᠠᠢ᠂ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠦᠭᠦᠰᠢᠲᠡᠢ ᠴᠢᠨᠠᠷ ᠢᠶᠠᠷ ᠮᠠᠰᠢ ᠴᠢᠩᠭ᠎ᠠ ᠪᠠᠶᠢᠳᠠᠭ᠃ ᠬᠤᠷᠠᠯ ᠳᠤ ᠣᠷᠣᠯᠴᠠᠭᠰᠠᠳ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠡᠩ ᠯᠠᠪᠳᠠᠭᠤᠨ ᠪᠣᠳᠠᠲᠠᠢ ᠣᠪᠣᠷ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠰᠢᠨ᠎ᠡ ᠠᠶᠠᠨ ᠳᠤ ᠪᠠᠨ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤᠳᠬᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

      ᠲᠥᠪ ᠤᠨ ᠬᠠᠮᠢᠶ᠎ᠠ ᠪᠦᠬᠦᠢ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠵᠠᠰᠠᠭ ᠤᠨ ᠤᠳᠤᠷᠢᠳᠬᠤ ᠪᠠᠭ ᠤᠨ ᠬᠢᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠰᠢᠨ᠎ᠡ ᠤᠳᠤᠷᠢᠳᠬᠤ ᠪᠠᠭ ᠤᠨ ᠭᠡᠰᠢᠭᠦᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠠᠯᠢ ᠲᠦᠷᠭᠡᠨ ᠢᠶᠠᠷ ᠵᠠᠮ ᠳᠤ ᠨᠢ ᠣᠷᠣᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠨ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ 10 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠢᠳᠢᠣ᠋ ᠬᠤᠷᠠᠯ ᠢᠶᠠᠷ ᠳᠠᠮᠵᠢᠭᠤᠯᠤᠨ᠂ ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠭᠡᠰᠢᠭᠦᠳ ᠲᠠᠢ 6 ᠤᠳᠠᠭ᠎ᠠ ᠬᠠᠮᠲᠤ ᠶᠢᠨ ᠶᠠᠷᠢᠯᠴᠠᠭ᠎ᠠ ᠰᠣᠯᠢᠯᠴᠠᠭ᠎ᠠ ᠬᠢᠬᠦ ᠪᠠᠷ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ