72 ᠵᠢᠯ ᠤᠨ ᠭᠠᠶᠢᠬᠠᠮᠰᠢᠭᠲᠤ ᠣᠨ ᠰᠠᠷ᠎ᠠ᠂ 72 ᠵᠢᠯ ᠤᠨ ᠭᠠᠶᠢᠬᠠᠮᠰᠢᠭᠲᠤ ᠤᠯᠠ ᠮᠦᠷ᠃ | ᠣᠶᠢᠷ᠎ᠠ ᠳᠤ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 72 ᠵᠢᠯ ᠤᠨ ᠣᠶ ᠶᠢᠨ ᠲᠠᠰᠢᠷᠠᠮ ᠢᠶᠠᠷ᠂ ᠰᠢᠯᠢ ᠶᠢᠨ | ᠭᠤᠤᠯ ᠠᠶᠢᠮᠠᠭ ᠤᠨ ᠡᠪᠯᠡᠯ ᠤᠨ ᠬᠤᠷᠢᠶ᠎ᠠ᠂ ᠪᠠᠭᠠᠴᠤᠳ ᠤᠨ ᠠᠵᠢᠯ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠠᠪᠠᠭ᠎ᠠ ᠬᠤᠰᠢᠭᠤᠨ ᠤ ᠡᠪᠯᠡᠯ ᠤᠨ ᠬᠤᠷᠢᠶ᠎ᠠ᠂ | ᠪᠠᠭᠠᠴᠤᠳ ᠤᠨ ᠠᠵᠢᠯ ᠤᠨ ᠬᠤᠷᠢᠶ᠎ᠠ ᠠᠴᠠ ᠳᠠᠭᠠᠭᠠᠨ ᠡᠷᠭᠢᠯᠡᠭᠰᠡᠨ ᠰᠢᠯᠢ ᠶᠢᠨ ᠭᠤᠤᠯ ᠠᠶᠢᠮᠠᠭ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 72 | ᠵᠢᠯ ᠤᠨ ᠣᠶ ᠶᠢ ᠪᠡᠯᠭᠡᠯᠡᠬᠦ ᠵᠢᠱᠢᠶ᠎ᠡ ᠦᠵᠡᠭᠦᠯᠬᠦ ᠴᠢᠨᠠᠷᠲᠠᠶ ᠭᠤᠤᠯ ᠰᠡᠳᠦᠪᠲᠦ ᠠᠩᠭᠢ ᠶᠢᠨ ᠡᠳᠦᠷ ᠤᠨ ᠠᠵᠢᠯᠯᠠᠭ᠎ᠠ ᠠᠪᠠᠭ᠎ᠠ ᠬᠤᠰᠢᠭᠤᠨ ᠳᠤ ᠶᠠᠪᠤᠭᠳᠠᠪᠠ᠃ | ᠦᠳᠡ ᠶᠢᠨ ᠬᠤᠶᠢᠨᠠᠬᠢ 3 ᠴᠠᠭ ᠲᠤ᠂ ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ ᠪᠠᠷ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠳᠠᠭᠤᠨ ᠢᠶᠠᠷ ᠡᠬᠡ | ᠣᠷᠣᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠪᠣᠯᠬᠤ ᠡᠷᠡᠰ ᠪᠠᠲᠤ ᠰᠦᠰᠦ ᠵᠣᠷᠢᠭ ᠢᠶᠠᠨ ᠢᠯᠡᠳᠬᠡᠵᠡᠶ᠃ | ᠠᠪᠠᠭ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠪᠠ ᠠᠪᠠᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | 2 ︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠨᠢ ᠪᠥᠬᠦ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠨᠠᠮ ᠤᠨ ᠲᠡᠤᠬᠡ ᠶᠢᠨ ᠣᠬᠤᠷ ᠥᠯᠢᠭᠡᠷ ᠢ | ᠶᠠᠷᠢᠵᠤ ᠥᠭᠴᠡᠶ᠃ | ︽ᠪᠢ ᠪᠣᠯ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ ᠪᠢ ᠠᠩᠭᠢ ᠶᠢᠨ ᠲᠤᠭ ᠤᠨ ᠳᠣᠣᠷ᠎ᠠ ᠲᠠᠩᠭᠠᠷᠢᠭᠯᠠᠶ᠎ᠠ ᠁ ᠡᠪ | ᠬᠠᠮᠲᠤ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠳᠤ ᠪᠡᠯᠡᠬᠡᠨ ᠪᠠᠶᠢᠨ᠎ᠠ᠂ ᠴᠠᠭ ᠢᠮᠠᠭᠲᠠ ᠪᠡᠯᠡᠬᠡᠨ ᠪᠠᠶᠢᠨ᠎ᠠ︕︾ ᠠᠵᠢᠯᠯᠠᠭ᠎ᠠ ᠶᠢᠨ ᠳᠤᠮᠳᠠ᠂ 50 ᠪᠠᠭ᠎ᠠ | ᠰᠤᠷᠭᠠᠭᠤᠯᠢ ᠶᠢᠨ ᠰᠣᠷᠣᠭᠴᠢ ᠬᠢᠵᠠᠭᠠᠯᠠᠰᠢ ᠥᠬᠡᠶ ᠳᠣᠭᠳᠣᠯᠤᠭᠰᠠᠨ ᠰᠡᠳᠬᠢᠯᠭᠡ ᠪᠠᠷ ᠠᠩᠭᠢ ᠶᠢᠨ ᠲᠤᠭ ᠤᠨ ᠳᠣᠤᠷ᠎ᠠ ᠲᠥᠪ ᠴᠢᠩᠭ᠎ᠠ ᠪᠠᠷ ᠲᠠᠩᠭᠠᠷᠢᠭᠯᠠᠵᠤ᠂ ᠢᠷᠠᠭᠤ | ᠠᠯᠳᠠᠷᠲᠠᠶ ᠪᠠᠷ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠳᠤ ᠡᠯᠰᠡᠭᠳᠡᠵᠦ᠂ ᠲᠡᠳᠡᠨ ᠤ ᠠᠮᠢᠳᠤᠷᠠᠯ ᠤᠨ ᠳᠤᠮᠳᠠᠬᠢ ᠨᠢᠭᠡ ᠤᠳᠠᠭᠠᠨ ᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠣᠰᠣᠯᠠᠯ ᠢ ᠪᠡᠶᠡᠯᠡᠭᠦᠯᠵᠡᠶ᠃ | ᠡᠨᠡ ᠵᠢᠯ ᠤᠨ 9 ᠰᠠᠷ᠎ᠠ ᠳᠤ᠂ ᠠᠪᠠᠭ᠎ᠠ ᠬᠤᠰᠢᠭᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠮᠳᠠ ᠤᠯᠠᠭᠠᠨ | ᠪᠥᠴᠡᠲᠡᠨ ᠳᠤ ᠲᠡᠮᠳᠡᠭ ᠵᠡᠭᠦᠯᠭᠡᠬᠦ ᠠᠵᠢᠯᠯᠠᠭ᠎ᠠ ᠶᠢ ᠡᠬᠢᠯᠡᠭᠦᠯᠵᠦ᠂ ᠲᠤᠬᠠᠶ ᠶᠢᠨ ᠭᠠᠵᠠᠷ ᠤᠨ ᠳᠠᠪᠠᠭᠤᠯᠢᠭ ᠣᠨᠴᠠᠯᠢᠭ ᠲᠠᠢ ᠪᠠᠨ ᠤᠶᠠᠯᠳᠤᠭᠤᠯᠤᠨ᠂ 2 ᠤᠨᠴᠠᠯᠢᠭᠳᠤ | ᠲᠡᠮᠳᠡᠭ ᠨᠡᠮᠡᠭᠳᠡᠭᠦᠯᠪᠡ᠃ ᠨᠢᠭᠡ ᠨᠢ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠢ ᠬᠦᠷᠲᠡᠭᠴᠢ ᠲᠢᠩ · ᠪᠠᠭᠠᠲᠤᠷ ᠤᠨ ᠲᠠᠯ᠎ᠠ ᠨᠤᠲᠤᠭ ᠲᠤ | ᠦᠨᠳᠦᠰᠦᠯᠡᠭᠰᠡᠨ ᠬᠥᠮᠦᠨ ᠤ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠦᠨᠳᠦᠰᠦᠯᠡᠨ ᠨᠡᠮᠡᠭᠰᠡᠨ ᠰᠤᠷᠤᠯᠴᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠬᠦ | ︽ᠪᠢᠴᠢᠬᠠᠨ ᠬᠤᠰᠢᠭᠤᠴᠢ ᠲᠡᠮᠳᠡᠭ︾︔ ᠨᠥᠭᠦᠭᠡ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠤᠯᠵᠢᠬᠤᠨ ᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠢ ᠪᠠᠲᠤ ᠴᠣᠭᠴᠠᠯᠠᠬᠤ ︽ᠪᠢᠴᠢᠬᠠᠨ ᠠᠨᠠᠷ ᠤᠨ ᠦᠷ᠎ᠡ ᠶᠢᠨ ᠲᠡᠮᠳᠡᠭ︾ ᠪᠣᠯᠤᠨ᠎ᠠ᠃ | ᠠᠵᠢᠯᠯᠠᠭ᠎ᠠ ᠶᠢᠨ ᠳᠤᠮᠳᠠ᠂ ᠠᠪᠠᠭ᠎ᠠ ᠬᠤᠰᠢᠭᠤ ᠠᠩᠬᠠᠨ ᠤ ᠪᠦᠯᠦᠭ ︽ᠪᠢᠴᠢᠬᠠᠨ ᠠᠨᠠᠷ ᠤᠨ ᠦᠷ᠎ᠡ ᠶᠢᠨ ᠲᠡᠮᠳᠡᠭ︾ ︽ᠪᠢᠴᠢᠬᠠᠨ ᠬᠤᠰᠢᠭᠤᠴᠢ ᠲᠡᠮᠳᠡᠭ︾ | ᠪᠠ ︽ᠬᠤᠰᠢᠭᠤᠴᠢ ᠳᠤᠮᠳᠠ ᠠᠩᠭᠢ︾ ᠶᠢ ᠢᠷᠠᠭᠤ ᠠᠯᠳᠠᠷᠲᠠᠶ ᠪᠠᠷ ᠭᠥᠷᠳᠡᠭᠰᠡᠨ ᠬᠠᠮᠲᠤ ᠨᠡᠶᠢᠲᠡ ᠪᠠ ᠬᠤᠪᠢ ᠬᠥᠮᠦᠨ ᠳᠤ ᠲᠡᠮᠳᠡᠭ ᠣᠯᠭᠤᠬᠤ᠂ ᠲᠤᠭ ᠣᠯᠭᠤᠬᠤ | ᠶᠣᠰᠣᠯᠠᠯ ᠶᠠᠪᠤᠭᠤᠯᠵᠠᠶ᠃ ᠪᠦᠬᠦ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠨᠠᠮ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ | ᠪᠢᠳᠡ ᠪᠤᠢ︾ ᠭᠡᠵᠦ ᠥᠨᠳᠥᠷ ᠳᠠᠭᠤᠨ ᠢᠶᠠᠷ ᠤᠷᠢᠶᠠᠯᠠᠨ ᠬᠤᠷᠠᠯ ᠤᠨ ᠲᠠᠯᠠᠪᠠᠢ ᠶᠢ ᠳᠣᠷᠭᠢᠭᠤᠯᠵᠤ᠂ ᠳᠡᠳᠡᠨ ᠤ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ | ᠴᠢᠷᠮᠠᠶᠢᠬᠤ ᠵᠣᠷᠢᠭ ᠢᠶᠠᠨ ᠢᠯᠡᠳᠬᠡᠵᠡᠢ᠃ | | |