ᠸᠠᠩ ᠯᠢ ᠰᠢᠶᠠ ᠪᠥᠬᠦ ᠤᠯᠤᠰ ᠤᠨ ᠣᠯᠠᠨ ᠢᠶᠠᠷ ᠢᠶᠠᠨ ᠦᠢᠯᠡᠰ ᠪᠤᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ ᠴᠢᠬᠤᠯᠠᠴᠢᠯᠡᠭᠰᠠᠨ ᠨᠢ ᠠᠮᠢ ᠠᠬᠤᠶ ᠶᠢ ᠬᠠᠮᠠᠭᠠᠯᠠᠵᠤ ᠠᠴᠢᠶᠠᠯᠠᠪᠤᠷᠢ ᠪᠠᠶᠢᠭᠤᠯᠤᠨ ᠲᠣᠭᠲᠠᠴᠠ ᠶᠢᠨ ᠰᠢᠨ᠎ᠡ ᠶᠢ ᠡᠭᠦᠳᠴᠤ ᠴᠢᠨᠠᠷ ᠰᠠᠶᠢᠲᠠᠢ ᠪᠠᠷ ᠡᠬᠦᠳᠦᠨ ᠪᠦᠳᠦᠭᠡᠬᠦ ᠥᠨᠳᠥᠷ ᠲᠦᠪᠰᠢᠨ ᠢᠶᠠᠷ ᠦᠢᠯᠡᠰ ᠪᠤᠰᠬᠠᠵᠤ ᠠᠵᠢᠯ ᠣᠯᠭᠤᠬᠤ ᠶᠢ ᠦᠷᠭᠦᠯᠵᠢᠯᠡᠨ ᠠᠬᠢᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2021/10/20

      10 ᠰᠠᠷ᠎ᠠ ᠶᠢᠨ 19 ᠤ ᠡᠳᠦᠷ᠂ 2021 ᠣᠨ ᠤ ᠪᠦᠬᠦ ᠤᠯᠤᠰ ᠤᠨ ᠣᠯᠠᠨ ᠢᠶᠠᠷ ᠢᠶᠠᠨ ᠦᠢᠯᠡᠰ ᠪᠤᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠡᠬᠢᠯᠡᠯᠲᠡ ᠶᠢᠨ ᠶᠣᠰᠣᠯᠠᠯ ᠬᠦᠬᠡᠬᠤᠳᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃


1020王莉霞在全国大众创业万众创新活动周内蒙古分会场启动仪式上强调.jpg


      ᠸᠠᠩ ᠯᠢ ᠰᠢᠶᠠ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠤᠨ ᠤ ᠡᠮᠦᠨ᠎ᠡ ᠠᠴᠠ ᠭᠠᠷᠠᠭ ᠤᠨ ᠠᠵᠢᠯᠯᠠᠭ᠎ᠠ ᠡᠷᠬᠢᠯᠡᠵᠦ ᠪᠠᠶᠢᠭ᠎ᠠ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠬᠦᠭᠵᠢᠯᠲᠡ ᠶᠢ ᠮᠠᠰᠢ ᠬᠠᠯᠠᠮᠵᠢᠯᠠᠵᠤ᠂ ᠪᠢᠳᠡᠨ ᠳᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠳᠤ ᠠᠰᠢᠭᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠶᠢ ᠴᠢᠩ ᠰᠡᠳᠭᠢᠯ ᠠᠴᠠ ᠪᠠᠨ ᠨᠠᠶᠢᠳᠠᠪᠠ᠃ ᠪᠦᠬᠦ ᠤᠯᠤᠰ ᠤᠨ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠭᠠᠷᠠᠭ ᠤᠨ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠲᠤᠯᠭᠠᠭᠤᠷᠢᠯᠠᠯ ᠢ ᠲᠠᠰᠤᠷᠠᠯᠳᠠ ᠦᠭᠡᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠬᠦᠭᠵᠢᠯᠲᠡ ᠶᠢ ᠲᠦᠷᠭᠡᠳᠭᠡᠨ ᠠᠬᠢᠭᠤᠯᠵᠤ᠂ ᠣᠯᠠᠨ ᠢᠶᠠᠷ ᠢᠶᠠᠨ ᠦᠢᠯᠡᠰ ᠪᠤᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠨᠢ ᠨᠢᠭᠡᠨᠲᠡ ᠪᠦᠬᠦ ᠣᠷᠤᠨ ᠤ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠴᠢᠬᠤᠯᠠ ᠲᠦᠷᠭᠡᠳᠭᠡᠭᠦᠷ᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠬᠤ ᠴᠢᠬᠤᠯᠠ ᠨᠡᠪᠴᠢᠯᠡᠬᠦᠷ᠂ ᠪᠦᠲᠦᠴᠡ ᠶᠢ ᠲᠤᠬᠢᠷᠠᠭᠤᠯᠤᠨ ᠴᠢᠳᠠᠪᠬᠢ ᠶᠢ ᠬᠤᠪᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠲᠦᠯᠬᠢᠭᠴᠢ ᠪᠣᠯᠵᠠᠢ ᠭᠡᠵᠤ ᠬᠡᠯᠡᠪᠡ᠃


1020王莉霞在全国大众创业万众创新活动周内蒙古分会场启动仪式上强调2.jpg


1020王莉霞在全国大众创业万众创新活动周内蒙古分会场启动仪式上强调3.jpg


1020王莉霞在全国大众创业万众创新活动周内蒙古分会场启动仪式上强调4.jpg


1020王莉霞在全国大众创业万众创新活动周内蒙古分会场启动仪式上强调5.jpg


      ᠸᠠᠩ ᠯᠢ ᠰᠢᠶᠠ᠂ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠶᠢ ᠠᠳᠬᠤᠵᠤ ᠪᠠᠶᠢᠭ᠎ᠠ ᠨᠢ ᠳᠠᠷᠤᠢ ᠬᠦᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠶᠢ ᠰᠦᠪᠡᠭᠴᠢᠯᠡᠵᠦ ᠪᠠᠶᠢᠭ᠎ᠠ ᠨᠢ ᠳᠠᠷᠤᠢ ᠢᠷᠡᠭᠡᠳᠦᠢ ᠶᠢ ᠰᠦᠪᠡᠭᠴᠢᠯᠡᠵᠦ ᠪᠠᠶᠢᠭ᠎ᠠ ᠶᠠᠪᠤᠳᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠲᠦᠷᠭᠡᠳᠭᠡᠨ ᠪᠦᠳᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠪᠠᠷ ᠰᠢᠨ᠎ᠡ ᠶᠢ ᠡᠭᠦᠳᠴᠦ ᠡᠬᠦᠳᠦᠨ ᠪᠦᠲᠦᠭᠡᠬᠦ᠂ ᠥᠨᠳᠥᠷ ᠲᠦᠪᠰᠢᠨ ᠢᠶᠠᠷ ᠦᠢᠯᠡᠰ ᠪᠤᠰᠬᠠᠵᠤ ᠠᠵᠢᠯ ᠣᠯᠭᠤᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠠᠮᠢ ᠠᠬᠤᠢ ᠶᠢ ᠴᠢᠷᠮᠠᠶᠢᠨ ᠬᠠᠮᠠᠭᠠᠯᠠᠨ᠂ ᠵᠠᠬ᠎ᠠ ᠳᠡᠯᠭᠡᠭᠦᠷ ᠲᠤ ᠣᠷᠤᠬᠤ ᠶᠢ ᠵᠦᠪᠰᠢᠶᠡᠷᠡᠬᠦ᠂ ᠡᠷᠬᠡ ᠠᠰᠢᠭ ᠢ ᠬᠠᠮᠠᠭᠠᠯᠠᠬᠤ᠂ ᠮᠦᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ ᠪᠠᠷ ᠲᠡᠳᠬᠦᠨ ᠳᠡᠮᠵᠢᠬᠦ ᠡᠷᠴᠢᠮ ᠢᠶᠠᠨ ᠴᠢᠩᠭᠠᠳᠬᠠᠵᠤ᠂ ᠬᠠᠮᠤᠭ ᠤᠨ ᠰᠢᠯᠢᠳᠡᠭ ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠂ ᠲᠦᠷᠦ ᠶᠢᠨ ᠪᠤᠳᠤᠯᠭ᠎ᠠ ᠶᠢᠨ ᠣᠷᠴᠢᠨ ᠨᠦᠬᠦᠴᠡᠯ ᠪᠠ ᠨᠡᠶᠢᠭᠡᠮ ᠤᠨ ᠣᠷᠴᠢᠨ ᠨᠦᠬᠦᠴᠡᠯ ᠢ ᠰᠡᠳᠭᠢᠯ ᠲᠠᠯᠪᠢᠨ ᠴᠣᠭᠴᠠᠯᠠᠬᠤ ᠬᠡᠷᠡᠭᠲᠡᠢ᠃ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠠᠴᠢᠶᠠᠯᠠᠪᠤᠷᠢ ᠶᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠪᠣᠯᠤᠨ ᠰᠢᠨ᠎ᠡ ᠶᠢ ᠡᠭᠦᠳᠬᠦ ᠰᠠᠭᠤᠷᠢᠨ ᠤ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠭᠡᠭᠡᠯᠲᠡ ᠲᠠᠢ ᠬᠠᠮᠲᠤ ᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠲᠣᠭᠲᠠᠴᠠ ᠶᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠵᠣᠷᠢᠭᠵᠢᠭᠤᠯᠬᠤ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠠᠲᠠᠬᠤ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠯᠳᠡ ᠬᠢᠵᠦ᠂ ᠭᠤᠣᠯᠳᠠᠯᠭ᠎ᠠ ᠲᠠᠢ ᠰᠢᠪᠲᠤᠯᠤᠯᠲᠠ ᠭᠠᠷᠭᠠᠵᠤ᠂ ᠥᠪᠥᠷ ᠮᠣᠩᠭᠤᠯ ᠤᠨ ᠣᠨᠴᠠᠯᠢᠭ ᠲᠠᠢ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠶᠢ ᠠᠬᠢᠭᠤᠯᠬᠤ ᠰᠢᠰᠲ᠋ᠧᠮ ᠪᠣᠯᠤᠨ ᠲᠦᠷᠦ ᠶᠢᠨ ᠪᠣᠳᠣᠯᠭ᠎ᠠ ᠶᠢᠨ ᠢᠵᠢ ᠪᠦᠷᠢᠳᠦᠭᠰᠡᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯᠲᠠᠨ ᠪᠣᠯᠤᠨ ᠦᠢᠯᠡᠰ ᠪᠤᠰᠬᠠᠭᠴᠢᠳ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠳᠤ ᠦᠨᠳᠦᠰᠦᠯᠡᠵᠦ᠂ ᠥᠪᠥᠷ ᠮᠣᠩᠭᠤᠯ ᠢ ᠪᠥᠲᠥᠭᠡᠨ ᠪᠠᠶᠢᠭᠤᠯᠵᠤ᠂ ᠰᠢᠨ᠎ᠡ ᠶᠢ ᠡᠭᠦᠳᠴᠦ ᠦᠢᠯᠡᠰ ᠪᠤᠰᠬᠠᠭᠰᠠᠨ ᠥᠯᠢᠭᠡᠷ ᠢ ᠬᠠᠮᠲᠤ ᠪᠠᠷ ᠪᠢᠴᠢᠭᠯᠡᠵᠦ᠂ ᠥᠪᠥᠷ ᠮᠣᠩᠭᠤᠯ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠪᠠ᠃
      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠠᠵᠢᠯᠯᠠᠭ᠎ᠠ ᠶᠢᠨ ᠭᠠᠷᠠᠭ ᠨᠢ ︽ᠴᠢᠨᠠᠷ ᠰᠠᠶᠢᠲᠠᠢ ᠪᠠᠷ ᠡᠭᠦᠳᠦᠨ ᠪᠦᠲᠦᠭᠡᠬᠦ᠂ ᠥᠨᠳᠥᠷ ᠲᠦᠪᠰᠢᠨ ᠢᠶᠠᠷ ᠦᠢᠯᠡᠰ ᠪᠤᠰᠬᠠᠵᠤ ᠠᠵᠢᠯ ᠣᠯᠭᠤᠬᠤ︾ ᠪᠠᠷ ᠭᠤᠤᠯ ᠰᠡᠳᠦᠪ ᠪᠣᠯᠭᠠᠵᠤ᠂ ᠡᠨᠡ ᠬᠤᠭᠤᠴᠠᠭᠠᠨ ᠳᠤ ᠮᠠᠨ ᠤ ᠣᠷᠣᠨ ᠰᠦᠯᠵᠢᠶᠡᠨ ᠳᠡᠭᠡᠷᠡᠬᠢ ᠠᠵᠢᠯᠯᠠᠭ᠎ᠠ ᠶᠢᠨ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠦᠢᠯᠡᠰ ᠪᠤᠰᠬᠠᠬᠤ ᠶᠢ ᠬᠠᠪᠰᠤᠷᠤᠨ ᠵᠢᠯᠤᠭᠤᠳᠬᠤ᠂ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠲᠤᠷᠰᠢᠯᠭ᠎ᠠ ᠪᠠᠨ ᠬᠤᠪᠢᠶᠠᠯᠴᠠᠬᠤ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠠᠩ ᠣᠯᠠᠨ ᠬᠦᠮᠦᠨ ᠳᠤ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠦᠷ᠎ᠡ ᠪᠦᠲᠦᠭᠡᠯ ᠢ ᠦᠵᠡᠭᠦᠯᠵᠦ᠂ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠥᠯᠢᠭᠡᠷ ᠢ ᠰᠣᠨᠣᠰᠤᠭᠤᠯᠤᠨ᠂ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠣᠷᠭᠢᠯᠤᠮ᠎ᠠ ᠰᠡᠳᠬᠢᠯᠭᠡ ᠶᠢ ᠮᠡᠳᠡᠷᠡᠭᠦᠯᠵᠦ᠂ ︽ᠰᠢᠨ᠎ᠡ ᠶᠢ ᠡᠭᠦᠳᠴᠦ ᠦᠢᠯᠡᠰ ᠪᠤᠰᠬᠠᠬᠤ︾ ᠦᠷᠨᠢᠯᠲᠡ ᠳᠤ ᠠᠭᠤᠰᠤᠯᠴᠠᠵᠤ᠂ ᠤᠯᠠᠨ ᠢᠶᠠᠷ ᠢᠶᠠᠨ ᠦᠢᠯᠡᠰ ᠪᠤᠰᠬᠠᠵᠤ᠂ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠨᠡᠩ ᠶᠡᠭᠡ ᠬᠡᠪᠴᠢᠶ᠎ᠡ᠂ ᠨᠡᠩ ᠦᠨᠳᠦᠷ ᠲᠡᠰ ᠲᠠᠪᠬᠤᠷᠭ᠎ᠠ ᠪᠠ ᠨᠠᠩ ᠬᠦᠨ ᠬᠡᠮᠵᠢᠶ᠎ᠡ ᠲᠡᠶᠢᠰᠢ ᠠᠬᠢᠭᠤᠯᠬᠤ ᠶᠢ ᠤᠷᠮᠠᠰᠢᠭᠤᠯᠤᠨ ᠲᠠᠭᠠᠭᠤᠯᠬᠤ ᠪᠤᠯᠤᠨ᠎ᠠ᠃
      ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠤᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠡᠬᠢᠯᠡᠯᠲᠡ ᠶᠢᠨ ᠶᠣᠰᠣᠯᠠᠯ ᠢ ᠡᠷᠭᠢᠯᠡᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ