ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ ᠤᠨ ᠳᠥᠷᠪᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠲᠢᠩᠬᠢᠮ ᠳᠤ ᠢᠷᠡᠵᠦ ᠱᠠᠯᠠᠪᠳᠠᠭᠤᠯᠤᠨ‌‍ᠪᠠᠶᠢᠴᠠᠭᠠᠪᠠ
ᠨᠡᠶᠢᠲᠡᠯᠡᠭᠰᠡᠨ ᠴᠠᠭ᠄
2021/10/20

      10 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠤᠨ ᠳᠥᠷᠪᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠲᠢᠩᠬᠢᠮ ᠳᠤ ᠢᠷᠡᠵᠦ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠵᠢᠴᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ ᠤᠨ ᠳᠥᠷᠪᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠹᠧᠩ ᠢᠦᠢ ᠵᠧᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ ᠪᠣᠯᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
      ᠹᠧᠩ ᠷᠧᠨ ᠹᠸᠢ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠣᠷᠣᠨ ᠢᠶᠠᠨ ᠵᠠᠰᠠᠬᠤ ᠠᠯᠪᠠᠨ ᠬᠡᠷ ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠷᠳᠣ ᠬᠤᠭᠤᠴᠠᠭᠠᠨ ᠤ ᠲᠤᠷᠰᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠳᠤ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠲᠤ ᠪᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂

ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢ ᠠᠬᠢᠭᠤᠯᠬᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠬᠠᠤᠯᠢᠵᠢᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠪᠠ᠃ ᠲᠢᠩᠬᠢᠮ ᠤᠨ ᠤᠳᠤᠷᠢᠳᠬᠤ ᠪᠠᠭ ᠪᠡᠶ᠎ᠡ ᠪᠠᠷ ᠢᠶᠠᠨ ᠲᠦᠷᠦᠭᠦᠯᠡᠨ ᠬᠠᠤᠯᠢ ᠶᠢ ᠬᠦᠨᠳᠦᠳᠬᠡᠵᠦ᠂ ᠬᠠᠤᠯᠢ ᠶᠢ ᠰᠠᠬᠢᠵᠤ᠂ ᠬᠠᠤᠯᠢ ᠶᠢ ᠰᠤᠷᠴᠤ᠂ ᠬᠠᠤᠯᠢ ᠶᠢ ᠬᠡᠷᠡᠭᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ︾ ᠳᠤ ᠣᠷᠣᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠤᠯᠢ ᠶᠣᠰᠣᠭᠠᠷ ᠪᠠᠲᠤᠯᠠᠬᠤ ᠶᠢ ᠢᠮᠠᠭᠲᠠ ᠬᠠᠤᠯᠢ ᠪᠠᠷ ᠵᠠᠰᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠪᠥᠲᠥᠭᠡᠨ ᠪᠠᠶᠢᠭᠤᠯᠬᠤ ᠶᠢᠨ ᠡᠭᠦᠰᠭᠡᠯ ᠪᠠ ᠵᠣᠭᠰᠣᠴᠠ ᠪᠣᠯᠭᠠᠵᠤ᠂ ᠠᠷᠠᠳ ᠣᠯᠠᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠢᠳᠡᠪᠬᠢᠲᠡᠶ ᠪᠠᠷ ᠠᠶᠠᠳᠠᠨ ᠳᠠᠭᠠᠵᠤ᠂ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ ᠲᠣᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠢᠢᠳᠪᠦᠷᠢᠯᠡᠭᠰᠡᠭᠡᠷ ᠢᠷᠡᠪᠡ ᠭᠡᠵᠡᠢ᠃ ᠹᠧᠩ ᠷᠧᠨ ᠹᠸᠢ ᠢᠯᠡᠳᠬᠡᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠣᠰ ᠤᠳᠠᠭᠠᠨ ᠤ ᠱᠠᠯᠠᠪᠳᠠᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠭᠦᠨᠵᠡᠭᠡᠶ ᠴᠡᠭᠴᠡᠯᠡᠨ ᠥᠭᠡᠷᠡᠴᠢᠯᠡᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠶ᠃
      ᠹᠧᠩ ᠢᠦᠶ ᠵᠧᠨ ᠴᠢᠬᠤᠯᠠᠴᠢᠯᠠᠬᠤ ᠳᠤ ᠪᠠᠨ᠂ ᠲᠣᠰ ᠤᠳᠠᠭᠠᠨ ᠤ ᠱᠠᠯᠠᠪᠳᠠᠨ ᠪᠠᠶᠢᠴᠠᠭᠠᠯᠲᠠ ᠶᠢ ᠥᠷᠨᠢᠭᠦᠯᠵᠦ ᠪᠠᠶᠢᠭ᠎ᠠ ᠨᠢ ᠳᠠᠷᠤᠶ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠤᠨ᠂ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠪᠣᠯ ᠤᠳᠤᠷᠢᠳᠬᠤ ᠺᠠᠳ᠋ᠷ ᠤᠨ ᠬᠠᠤᠯᠢᠵᠢᠯ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠠᠬᠢᠭᠤᠯᠬᠤ ᠶᠢ ᠴᠢᠩᠭᠠᠳᠬᠠᠨ ᠪᠣᠳᠠᠲᠠᠶᠢᠵᠢᠭᠤᠯᠬᠤ ᠴᠢᠬᠤᠯᠠ ᠠᠭᠤᠯᠭ᠎ᠠ ᠪᠣᠯᠤᠨ᠎ᠠ᠂ ᠨᠡᠩ ᠴᠤ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ᠂ ᠨᠠᠶᠢᠳᠠᠪᠤᠷᠢᠵᠢᠭᠤᠯᠬᠤ ᠪᠠ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠲᠥᠪ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠠ ᠥᠪᠡᠷᠲᠡᠭᠡᠨ ᠵᠠᠰᠠᠬᠤ ᠣᠷᠣᠨ ᠤ ︽ᠴᠡᠭᠴᠡᠯᠡᠨ ᠰᠠᠶᠢᠵᠢᠷᠠᠭᠤᠯᠬᠤ ᠲᠥᠰᠦᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠨᠡᠶᠢᠭᠡᠮ ᠤᠨ ᠠᠮᠤᠷ ᠲᠦᠪᠰᠢᠨ ᠡᠶ᠎ᠡ ᠲᠣᠭᠲᠠᠭᠤᠨ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ