ᠥᠪᠥᠷ ᠮᠣᠩᠭᠤᠯ ᠣᠷᠣᠨ ᠳᠠᠬᠢ ᠰᠢᠮ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/10/20

     2021 ᠣᠨ ᠤ 10 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ ᠠᠴᠠ 10 ᠳ᠋ᠤᠭᠠᠷ ᠰᠠᠷ᠎ᠠ ᠶᠢᠨ 20 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠵᠡᠢ᠃
     ᠨᠢᠭᠡᠳᠦᠭᠡᠷ᠂ ᠬᠤᠶᠠᠳᠤᠭᠠᠷ ᠡᠪᠡᠳᠴᠢᠨ ᠤ ᠵᠢᠱᠢᠶ᠎ᠡ ᠨᠢ 10 ᠳ᠋ᠤᠭᠠᠷ ᠰᠠᠷ᠎ᠠ ᠶᠢᠨ 18 ᠤ ᠡᠳᠦᠷ ᠡᠷᠢᠶᠡᠨ ᠬᠤᠲᠠ ᠵᠢᠨ‌ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠯᠢᠨ ᠨᠡᠶᠢᠭᠡᠮ ᠲᠣᠭᠤᠷᠢᠭ᠂ ᠰᠢᠴᠧᠩ ᠨᠡᠶᠢᠭᠡᠮ ᠲᠣᠭᠤᠷᠢᠭ 2 ᠣᠷᠣᠨ ᠬᠡᠪᠴᠢᠶᠡᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶᠡᠰ᠂ 2 ᠬᠥᠮᠦᠨ ᠤ ᠪᠥᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠴᠢᠨᠠᠷ ᠢᠯᠡᠷᠡᠵᠦ᠂ 10 ᠳ᠋ᠤᠭᠠᠷ ᠰᠠᠷ᠎ᠠ ᠶᠢᠨ 19 ᠤ ᠡᠳᠦᠷ ᠳᠠᠬᠢᠨ ᠬᠢᠨᠠᠭᠰᠠᠨ ᠳᠤ ᠮᠥᠨ ᠠᠷᠭ᠎ᠠ ᠴᠢᠨᠠᠷ ᠢᠯᠡᠷᠡᠪᠡ᠃ ᠰᠢᠯᠢ ᠶᠢᠨ ᠭᠤᠤᠯ ᠠᠶᠢᠮᠠᠭ ᠤᠨ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ᠂ ᠲᠤᠰ 2 ᠬᠥᠮᠦᠨ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠪᠠ᠃
     ᠭᠤᠷᠪᠠᠳᠤᠭᠠᠷ ᠡᠪᠡᠳᠴᠢᠨ ᠤ ᠵᠢᠱᠢᠶ᠎ᠡ ᠨᠢ 10 ᠳ᠋ᠤᠭᠠᠷ ᠰᠠᠷ᠎ᠠ ᠶᠢᠨ 13 ᠤ ᠡᠳᠦᠷ ᠤᠨ ᠡᠷᠢᠶᠡᠨ ᠬᠤᠲᠠ ᠶᠢᠨ ᠳᠣᠲᠣᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠲᠤᠭᠰᠠᠳ ᠲᠠᠢ ᠨᠢᠭᠲᠠ ᠣᠶᠢᠷᠠᠲᠤᠵᠤ ᠥᠩᠭᠡᠷᠡᠪᠡ᠂ 10 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 10 ᠳ᠋ᠤᠭᠠᠷ ᠰᠠᠷ᠎ᠠ ᠶᠢᠨ 19 ᠤ ᠡᠳᠦᠷ ᠲᠠᠭᠢᠨ ᠬᠢᠨᠠᠭᠰᠠᠨ ᠳᠤ ᠮᠥᠨ ᠠᠷᠭ᠎ᠠ ᠴᠢᠨᠠᠷ ᠢᠯᠡᠷᠡᠪᠡ᠃ ᠰᠢᠯᠢ ᠶᠢᠨ ᠭᠤᠤᠯ ᠠᠶᠢᠮᠠᠭ ᠤᠨ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠪᠠ᠃
     ᠣᠳᠣᠬᠠᠨ ᠳᠤ᠂ 3 ᠬᠥᠮᠦᠨ ᠢ ᠨᠢᠭᠡᠨᠲᠡ ᠡᠷᠢᠶᠡᠨ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠵᠦ ᠲᠤᠰᠠᠭᠠᠷᠯᠠᠨ ᠡᠮᠴᠢᠯᠡᠵᠦ᠂ ᠰᠢᠯᠵᠢᠭᠦᠯᠬᠦ᠂ ᠵᠢᠭᠰᠠᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃
     2021 ᠣᠨ ᠤ 10 ᠳ᠋ᠤᠭᠠᠷ ᠰᠠᠷ᠎ᠠ ᠶᠢᠨ 20 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠡᠳ ᠳᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠥᠪᠥᠷ ᠮᠣᠩᠭᠤᠯ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ 12 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 7᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 5︶ ᠪᠠᠶᠢᠵᠤ᠂ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠤᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ