ᠤᠢᠢᠷ᠎ᠠ ᠶᠢᠨ ᠵᠢᠯ ᠠᠴᠠ ᠨᠠᠭᠠᠰᠢ᠂ ᠪᠤᠭᠤᠲᠤ ᠬᠤᠳᠠ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠭᠦᠨᠵᠡᠭᠡᠢ | ᠰᠠᠶᠢᠲᠤᠷ ᠬᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠠᠮᠢ | ᠠᠬᠤᠢ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠶᠢ ᠬᠠᠮᠵᠢᠯᠴᠠᠨ ᠠᠬᠢᠭᠤᠯᠪᠠ᠃ ᠪᠤᠭᠤᠲᠤ ᠬᠤᠲᠠ ᠶᠢᠨ ᠶᠡᠭᠡ ᠬᠡᠮᠵᠢᠶᠡᠨ ᠤ ᠡᠩ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠭᠤᠰᠬᠠᠨ ᠰᠢᠩᠭᠡᠭᠡᠵᠦ ᠳᠡᠶᠢᠯᠬᠦ ᠦᠭᠡᠶ ᠪᠠᠶᠢᠬᠤ ᠠᠰᠠᠭᠤᠳᠠᠯ ᠵᠢᠴᠢ ᠬᠠᠶᠠᠭᠳᠠᠮᠠᠯ ᠠᠭᠤᠷᠬᠠᠶ ᠶᠢᠨ ᠨᠦᠬᠡ᠂ | ᠡᠯᠡᠰᠦᠨ ᠨᠦᠬᠡ ᠶᠢᠨ ᠠᠮᠢ ᠠᠬᠤᠶ ᠶᠢ ᠰᠡᠷᠭᠦᠭᠡᠬᠦ ᠶᠠᠪᠤᠴᠠ ᠳᠤ ᠬᠡᠷᠡᠭᠰᠡᠬᠦ ᠡᠯᠡᠰᠦ ᠰᠢᠷᠣᠶ ᠪᠣᠯᠤᠨ ᠪᠥᠭᠯᠡᠬᠦ ᠮᠠᠲ᠋ᠧᠷᠢᠶᠠᠯ ᠤᠨ ᠢᠷᠡᠯᠲᠡ ᠨᠢ ᠬᠦᠴᠢᠷᠲᠡᠶ ᠪᠠᠶᠢᠬᠤ ᠶᠢ | ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ | ᠠᠷᠭ᠎ᠠ ᠵᠠᠮ ᠢ ᠥᠷᠭᠡᠳᠬᠡᠵᠦ᠂ ᠬᠠᠶᠠᠭᠳᠠᠮᠠᠯ ᠡᠯᠡᠰᠦᠨ ᠨᠦᠬᠡ᠂ ᠠᠭᠤᠷᠬᠠᠶ ᠶᠢᠨ ᠨᠦᠬᠡ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠠᠬᠢᠭᠤᠯᠬᠤ ᠶᠢᠨ ᠲᠤᠰᠠᠳᠠ᠂ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ︽ᠬᠠᠶᠠᠭᠳᠠᠮᠠᠯ ᠥᠬᠡᠶ ᠬᠤᠲᠠ︾ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠪᠠᠷ ᠲᠣᠬᠢᠶᠠᠯ ᠪᠣᠯᠭᠠᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠬᠠᠶᠠᠭᠳᠠᠮᠠᠯ | ᠠᠭᠤᠷᠬᠠᠶ ᠶᠢᠨ ᠨᠦᠬᠡ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠬᠠᠮᠵᠢᠯᠴᠠᠨ ᠰᠢᠢᠳᠪᠦᠷᠢᠯᠡᠬᠦ ᠵᠠᠭᠪᠤᠷ ᠢ ᠰᠦᠪᠡᠭᠴᠢᠯᠡᠨ ᠪᠠᠶᠢᠭᠤᠯᠪᠠ᠃ | ᠤᠯᠤᠰ ᠤᠨ ᠳᠡᠰ ᠤᠨ ᠮᠡᠷᠭᠡᠵᠢᠯ ᠤᠨ ᠪᠦᠯᠬᠦᠮ ᠤᠨ ᠳᠡᠮᠵᠢᠯᠭᠡ ᠳᠤ ᠲᠦᠰᠢᠭᠯᠡᠨ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ︽ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠭᠡ ᠬᠡᠮᠵᠢᠶ᠎ᠡ ᠪᠠᠷ ᠠᠭᠤᠰᠬᠠᠨ ᠰᠢᠩᠭᠡᠭᠡᠵᠦ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ | ᠶᠡᠷᠦᠩᠬᠡᠶ ᠳᠤ ᠪᠠᠨ ᠡᠵᠡᠮᠳᠡᠵᠦ ᠪᠣᠯᠬᠤ᠂ ᠠᠮᠢ ᠠᠬᠤᠶ ᠶᠢᠨ ᠰᠢᠷᠬ᠎ᠠ ᠶᠢ ᠰᠡᠷᠭᠦᠭᠡᠨ ᠵᠠᠰᠠᠵᠤ᠂ ᠬᠠᠶᠠᠭᠳᠠᠮᠠᠯ ᠭᠠᠵᠠᠷ ᠰᠢᠷᠣᠶ ᠶᠢ ᠳᠠᠬᠢᠨ ᠠᠰᠢᠭᠯᠠᠬᠤ︾ | ᠶᠡᠷᠦᠩᠬᠡᠶᠢᠯᠡᠭᠰᠡᠨ ᠵᠠᠰᠠᠯᠲᠠ ᠶᠢᠨ ᠣᠨᠣᠯᠵᠢᠬᠤᠨ ᠢ ᠪᠠᠷᠢᠮᠲᠠᠯᠠᠵᠤ᠂ ᠪᠥᠬᠦ ᠥᠪᠡᠷᠲᠡᠭᠡᠨ ᠵᠠᠰᠠᠬᠤ ᠣᠷᠣᠨ ᠳᠤ ︽ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠪᠤᠴᠠᠵᠤ ᠪᠥᠭᠯᠡᠬᠦ ᠮᠡᠷᠭᠡᠵᠢᠯ ᠤᠨ ᠵᠢᠷᠤᠮᠵᠢᠯ — ᠮᠠᠯᠲᠠᠭᠰᠠᠨ ᠨᠦᠬᠡ ᠶᠢᠨ ᠠᠮᠢ ᠠᠬᠤᠶ ᠶᠢᠨ ᠰᠡᠷᠭᠦᠭᠡᠯᠲᠡ︾ ︵ᠳᠣᠷᠣᠭᠰᠢ ︽ᠮᠡᠷᠭᠡᠵᠢᠯ ᠤᠨ | ᠵᠢᠷᠤᠮᠵᠢᠯ︾ ᠭᠡᠵᠦ ᠲᠣᠪᠴᠢᠯᠠᠨ᠎ᠠ︶ ᠶᠢ ᠡᠩ ᠲᠡᠷᠢᠭᠦᠨ ᠳᠤ ᠨᠠᠶᠢᠷᠠᠭᠤᠯᠤᠨ ᠵᠣᠬᠢᠶᠠᠵᠤ᠂ ︽ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠭᠤᠷᠬᠠᠶ ᠶᠢᠨ ᠠᠮᠢ ᠠᠬᠤᠶ ᠶᠢᠨ ᠰᠡᠷᠭᠦᠭᠡᠯᠲᠡ ᠳᠤ ᠬᠡᠷᠡᠭᠯᠡᠬᠦ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︵ᠰᠠᠨᠠᠯ ᠬᠤᠷᠢᠶᠠᠬᠤ | ᠨᠣᠤᠷᠠᠭ︶ ᠢ ᠵᠡᠷᠭᠡ ᠳᠤ ᠨᠢ ᠲᠣᠭᠲᠠᠭᠠᠪᠠ᠃ ︽ᠮᠡᠷᠭᠡᠵᠢᠯ ᠤᠨ ᠵᠢᠷᠤᠮᠵᠢᠯ︾ ᠨᠢ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ | ᠬᠠᠶᠠᠭᠳᠠᠮᠠᠯ ᠡᠯᠡᠰᠦᠨ ᠨᠦᠬᠡ᠂ ᠠᠭᠤᠷᠬᠠᠶ ᠶᠢᠨ ᠨᠦᠬᠡ ᠶᠢ ᠪᠤᠴᠠᠵᠤ ᠪᠥᠭᠯᠡᠵᠦ᠂ ᠬᠤᠶᠠᠳᠠᠬᠢ ᠤᠳᠠᠭᠠᠨ ᠤ ᠪᠣᠬᠢᠷᠲᠤᠯ ᠢ ᠰᠡᠷᠭᠡᠶᠢᠯᠡᠵᠦ᠂ ᠨᠦᠬᠡ ᠮᠠᠯᠲᠠᠭᠰᠠᠨ | ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠠᠰᠢᠭᠯᠠᠨ ᠬᠠᠶᠠᠭᠳᠠᠮᠠᠯ ᠡᠯᠡᠰᠦᠨ ᠨᠦᠬᠡ᠂ ᠠᠭᠤᠷᠬᠠᠶ ᠶᠢᠨ ᠨᠦᠬᠡ ᠶᠢ ᠪᠤᠴᠠᠵᠤ ᠪᠥᠭᠯᠡᠬᠦ ᠪᠠ ᠠᠮᠢ ᠠᠬᠤᠶ ᠶᠢᠨ ᠰᠡᠷᠭᠦᠭᠡᠯᠲᠡ ᠶᠢᠨ ᠶᠠᠪᠤᠴᠠ ᠶᠢ | ᠦᠨᠡᠯᠡᠨ ᠵᠢᠱᠢᠬᠦ᠂ ᠵᠢᠷᠤᠭᠯᠠᠨ ᠲᠥᠯᠥᠪᠯᠡᠬᠦ᠂ ᠠᠵᠢᠯᠯᠠᠭᠤᠯᠬᠤ ᠪᠠ ᠬᠠᠮᠢᠶᠠᠷᠬᠤ ᠳᠤ ᠪᠠᠷᠢᠮᠵᠢᠶᠠᠲᠤ ᠦᠨᠳᠦᠰᠦᠯᠡᠯ ᠬᠠᠩᠭᠠᠵᠤ᠂ ᠡᠩ ᠤᠨ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠬᠠᠶᠠᠭᠳᠠᠮᠠᠯ ᠡᠯᠡᠰᠦᠨ ᠨᠦᠬᠡ᠂ ᠠᠭᠤᠷᠬᠠᠶ ᠶᠢᠨ ᠨᠦᠬᠡ ᠶᠢ ᠪᠤᠴᠠᠵᠤ ᠪᠥᠭᠯᠡᠬᠦ ᠪᠠ ᠠᠮᠢ ᠠᠬᠤᠶ ᠶᠢ ᠰᠡᠷᠭᠦᠭᠡᠭᠰᠡᠨ | ᠣᠷᠴᠢᠨ ᠲᠣᠭᠤᠷᠢᠨ ᠵᠢᠴᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠦᠨᠡᠯᠡᠨ ᠵᠢᠱᠢᠯᠲᠡ᠂ ᠠᠰᠢᠭᠯᠠᠵᠤ ᠪᠣᠯᠬᠤ ᠡᠩ ᠤᠨ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠰᠢᠭᠰᠢᠨ ᠦᠨᠡᠯᠡᠨ ᠵᠢᠱᠢᠬᠦ᠂ ᠵᠢᠷᠤᠭᠯᠠᠨ ᠲᠥᠯᠥᠪᠯᠡᠵᠦ ᠪᠠᠷᠢᠯᠭ᠎ᠠ ᠪᠠᠷᠢᠬᠤ ᠵᠢᠴᠢ ᠪᠤᠴᠠᠵᠤ ᠪᠥᠭᠯᠡᠬᠦ ᠶᠠᠪᠤᠴᠠ᠂ ᠠᠮᠢ ᠠᠬᠤᠶ ᠶᠢ | ᠰᠡᠷᠭᠦᠭᠡᠬᠦ ᠵᠢᠴᠢ ᠬᠢᠨᠠᠨ ᠬᠡᠮᠵᠢᠬᠦ ᠵᠡᠷᠭᠡ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃ ᠡᠨᠡ ᠬᠦ ᠬᠠᠮᠵᠢᠯᠴᠠᠨ ᠰᠢᠢᠳᠪᠦᠷᠢᠯᠡᠬᠦ ᠵᠠᠭᠪᠤᠷ ᠨᠢ ᠠᠵᠤ ᠠᠬᠤᠶᠢᠯᠠᠯ ᠤᠨ | ᠦᠢᠯᠡᠳᠪᠦᠷᠢᠯᠡᠯ ᠪᠠ ᠬᠥᠭᠵᠢᠯᠲᠡ ᠶᠢᠨ ᠶᠠᠪᠤᠴᠠ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠭᠰᠡᠨ ᠤ | ᠬᠠᠮᠲᠤ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢᠨ ᠴᠢᠬᠤᠯᠠ ᠪᠠᠷᠢᠮᠵᠢᠶ᠎ᠠ ᠪᠣᠯᠪᠠ᠂ ᠨᠡᠩ | ᠴᠤ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠠᠵᠢᠯ ᠤᠨ ᠪᠦᠲᠦᠮᠵᠢᠲᠡᠢ | ᠲᠤᠯᠭᠠᠭᠤᠷᠢᠯᠠᠯ ᠪᠣᠯᠪᠠ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠤᠰ ︽ᠮᠡᠷᠭᠡᠵᠢᠯ ᠤᠨ ᠵᠢᠷᠤᠮᠵᠢᠯ︾ ᠢ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠥᠷᠥᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠲᠥᠷᠥᠯ ᠵᠦᠢᠯ ᠳᠤ ᠣᠷᠣᠭᠤᠯᠪᠠ᠃ | ᠲᠡᠷᠡᠴᠢᠯᠡᠨ ᠮᠡᠷᠭᠡᠵᠢᠯ ᠤᠨ ᠦᠨᠡᠯᠡᠨ ᠵᠢᠱᠢᠬᠦ ᠠᠵᠢᠯ ᠢ ᠨᠢᠭᠡᠨᠲᠡ ᠪᠡᠶᠡᠯᠡᠭᠦᠯᠪᠡ᠂ ︽ᠮᠡᠷᠭᠡᠵᠢᠯ ᠤᠨ ᠵᠢᠷᠤᠮᠵᠢᠯ︾ ᠢ ᠵᠢᠩᠬᠢᠨᠢ ᠪᠠᠷ ᠨᠡᠶᠢᠲᠡᠯᠡᠭᠰᠡᠨ ᠤ ᠳᠠᠷᠠᠭ᠎ᠠ ᠪᠦᠬᠦ | ᠣᠷᠣᠨ ᠤ ᠠᠳᠠᠯᠢ ᠲᠦᠷᠦᠯ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ ᠪᠠ ᠬᠠᠶᠠᠭᠳᠠᠮᠠᠯ | ᠠᠭᠤᠷᠬᠠᠢ ᠶᠢᠨ ᠨᠦᠬᠡ ᠶᠢᠨ ᠠᠮᠢ ᠠᠬᠤᠢ ᠶᠢ ᠰᠡᠷᠭᠦᠭᠡᠬᠦ ᠶᠢ ᠬᠠᠮᠵᠢᠯᠴᠠᠨ ᠵᠠᠰᠠᠬᠤ ᠳᠤ ᠮᠡᠷᠭᠡᠵᠢᠯ ᠤᠨ ᠲᠤᠯᠭᠠᠭᠤᠷᠢᠯᠠᠯ ᠪᠠ ᠲᠦᠷᠢᠮ ᠤᠨ ᠪᠠᠲᠤᠯᠠᠭ᠎ᠠ ᠬᠠᠩᠭᠠᠵᠤ᠂ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠠᠮᠢ ᠠᠬᠤᠢ ᠶᠢ ᠰᠡᠷᠭᠦᠭᠡᠬᠦ ᠪᠠ ᠡᠯᠡᠰᠦᠨ ᠨᠦᠬᠡ᠂ ᠠᠭᠤᠷᠬᠠᠢ ᠶᠢᠨ ᠨᠦᠬᠡ ᠶᠢ | ᠰᠡᠷᠭᠦᠭᠡᠬᠦ ᠶᠢ ᠬᠠᠮᠵᠢᠯᠴᠠᠨ ᠰᠢᠢᠳᠪᠦᠷᠢᠯᠡᠬᠦ ᠵᠠᠭᠪᠤᠷ ᠪᠣᠯᠬᠤ ᠪᠣᠯᠣᠨ᠎ᠠ᠃ |