ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ  ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠥᠪ ᠤᠨ 2020 ᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠦᠷ᠎ᠡ ᠪᠦᠲᠦᠮᠵᠢ ᠶᠢ ᠬᠢᠨᠠᠨ ᠰᠢᠯᠭᠠᠭᠰᠠᠨ ᠱᠠᠭᠠᠷᠳᠠᠯᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/10/21


      10 ᠰᠠᠷ᠎ᠠ ᠶᠢᠨ 20  ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠤᠨ  ᠤ ᠨᠠᠮ ᠤᠨ ᠬᠤᠷᠢᠶᠠᠨ  ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ  ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ  ᠤ ᠵᠠᠰᠠᠭ ᠤᠨ ᠣᠷᠳᠣᠨ  ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ 2020 ᠣᠨ  ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠦᠷ᠎ᠡ ᠪᠦᠲᠦᠮᠵᠢ ᠶᠢ ᠬᠢᠨᠠᠨ ᠰᠢᠯᠭᠠᠭᠰᠠᠨ ᠱᠠᠭᠠᠷᠳᠠᠯᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ  ᠤ ᠰᠢᠨ᠎ᠡ ᠡᠨᠧᠷᠭᠢ ᠶᠢᠨ ᠲᠣᠨᠤᠭᠯᠠᠯ ᠦᠢᠯᠡᠳᠬᠦ ᠦᠢᠯᠡᠰ ᠤᠨ ᠴᠢᠨᠠᠷ ᠰᠠᠶᠢᠲᠠᠢ ᠭᠦᠭᠵᠢᠯᠲᠡ ᠵᠡᠷᠭᠡ ᠠᠵᠢᠯ ᠢ ᠰᠣᠳᠣᠯᠤᠨ ᠪᠠᠶᠢᠷᠢᠯᠠᠭᠤᠯᠵᠠᠢ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠤ ᠲᠡᠦᠬᠡᠲᠦ ᠡᠭᠦᠷᠭᠡ  ᠪᠠᠨ ᠨᠡᠩ ᠰᠠᠶᠢᠨ ᠡᠭᠦᠷᠭᠡᠯᠡᠵᠦ᠂ ᠲᠡᠦᠬᠡ ᠶᠢᠨ ᠠᠭᠤᠤ ᠦᠢᠯᠡᠰ ᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠶᠠᠨ ᠳᠠᠬᠢ ᠬᠦᠰᠢᠶ᠎ᠡ ᠳᠤᠷᠠᠰᠬᠠᠯ ᠤᠨ ᠠᠴᠢ ᠬᠤᠯᠪᠤᠭᠳᠠᠯ ᠢ ᠭᠦᠨᠵᠡᠭᠡᠢ ᠲᠠᠨᠢᠵᠤ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠨᠡᠩ ᠰᠠᠶᠢᠲᠤᠷ ᠴᠢᠷᠮᠠᠶᠢᠨ ᠠᠵᠢᠯᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠲᠤᠷᠰᠢᠬᠢ ᠡᠷᠬᠢᠮ ᠨᠠᠨᠳᠢᠨ ᠲᠡᠦᠬᠡ ᠶᠢᠨ ᠰᠡᠩᠬᠡᠷᠡᠭᠦᠯᠦᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡᠨ ᠲᠤᠷᠰᠢᠯᠭ᠎ᠠ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠤᠯᠠᠮᠵᠢᠯᠠᠬᠤ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ ᠲᠦᠷᠦ ᠶᠢᠨ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ  ᠤ ᠵᠣᠷᠢᠭ ᠰᠠᠨᠠᠭᠠᠨ  ᠤ ᠵᠢᠯᠤᠭᠤᠳᠤᠯᠭ᠎ᠠ ᠳᠣᠤᠷ᠎ᠠ ᠥᠪᠥᠷ ᠮᠣᠩᠭᠤᠯ ᠤᠨ ᠠᠵᠢᠯ ᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ  ᠤ ᠥᠪᠥᠷ ᠮᠣᠩᠭᠤᠯ ᠳᠤ  ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ  ᠤ ᠬᠥᠲᠥᠯᠪᠦᠷᠢ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠯᠤᠰ ᠤᠨ ᠬᠦᠭᠵᠢᠯᠲᠡ ᠶᠢᠨ ᠶᠡᠭᠡ ᠲᠠᠯ᠎ᠠ᠂ ᠠᠮᠤᠷ ᠲᠦᠪᠰᠢᠨ ᠤ ᠶᠡᠭᠡ ᠲᠠᠯ᠎ᠠ ᠳᠤ ᠡᠷᠡᠰ ᠭᠤᠶᠢᠪᠢᠰᠢ ᠦᠭᠡᠢ ᠦᠢᠯᠡᠴᠢᠯᠡᠬᠦ ᠪᠠ ᠪᠠᠲᠤᠯᠠᠵᠤ᠂ ᠰᠢᠨ᠎ᠡ ᠠᠶᠠᠨ ᠳᠤ ᠥᠪᠥᠷ ᠮᠣᠩᠭᠤᠯ ᠤᠨ ᠬᠦᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ  ᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠤᠯᠭ᠎ᠠ ᠶᠢᠨ ᠰᠢᠢᠳᠪᠦᠷᠢᠲᠦ ᠪᠣᠳᠤᠯᠭ᠎ᠠ ᠮᠥᠨ᠂ ᠥᠪᠥᠷ ᠮᠣᠩᠭᠤᠯ ᠤᠨ ᠬᠢᠨ ᠡᠷᠬᠡᠪᠰᠢ ᠡᠷᠡᠰ ᠡᠭᠦᠷᠭᠡᠯᠡᠬᠦ ᠶᠤᠰᠤᠳᠠᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ  ᠤ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠪᠠᠷ ᠪᠠᠷᠢᠮᠵᠢᠶᠠᠯᠠᠵᠤ᠂ ᠬᠢᠨᠠᠨ ᠰᠢᠯᠭᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠪᠠ ᠠᠵᠢᠯ ᠤᠨ ᠱᠠᠭᠠᠷᠳᠠᠯᠭ᠎ᠠ ᠲᠠᠢ ᠬᠠᠷᠭᠤᠭᠤᠯᠵᠤ᠂ ᠵᠣᠭᠰᠤᠴᠠ ᠪᠠᠨ ᠳᠡᠭᠡᠭᠰᠢᠯᠡᠭᠦᠯᠵᠦ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠪᠠᠨ ᠪᠠᠬᠢᠵᠢᠭᠦᠯᠵᠦ᠂ ᠰᠢᠰᠲ᠋ᠧᠮ ᠤᠨ ᠲᠠᠯ᠎ᠠ ᠠᠴᠠ ᠦᠨᠳᠦᠰᠦ ᠰᠤᠷᠪᠤᠯᠵᠢ ᠶᠢ ᠠᠭᠤᠳᠠᠯᠵᠤ᠂ ᠨᠠᠶᠢᠳᠠᠪᠤᠷᠢᠵᠢᠭᠤᠯᠬᠤ ᠲᠠᠯ᠎ᠠ  ᠠᠴᠠ ᠵᠥᠷᠢᠶ᠎ᠡ ᠪᠠᠨ ᠡᠷᠢᠵᠦ᠂ ᠬᠠᠷᠢᠭᠤᠴᠠᠯᠭ᠎ᠠ ᠶᠢᠨ ᠲᠠᠯ᠎ᠠ ᠠᠴᠠ ᠶᠣᠰᠣ ᠲᠦᠷᠢᠮ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠴᠢᠬᠤᠯᠠᠴᠢᠯᠠᠪᠠ᠃
      ᠬᠤᠷᠠᠯ ᠠᠴᠠ᠂ ᠰᠢᠨ᠎ᠡ ᠡᠨᠧᠷᠭᠢ ᠶᠢᠨ ᠠᠵᠤ ᠦᠢᠯᠡᠰ ᠵᠢᠴᠢ ᠲᠡᠭᠦᠨ ᠤ ᠲᠣᠨᠤᠭᠯᠠᠯ ᠦᠢᠯᠡᠳᠬᠦ ᠦᠢᠯᠡᠰ ᠢ ᠬᠦᠭᠵᠢᠭᠦᠯᠬᠦ ᠪᠣᠯ ᠮᠠᠨ ᠤ ᠣᠷᠣᠨ  ᠤ ᠡᠨᠧᠷᠭᠢ ᠶᠢᠨ ᠪᠦᠲᠦᠴᠡ᠂ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠃ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠲᠥᠯᠥᠪᠵᠢᠭᠦᠯᠭᠡ ᠶᠢ ᠬᠦᠲᠦᠯᠦᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠰᠠᠭᠤᠷᠢᠨ  ᠤ ᠪᠥᠲᠥᠭᠡᠨ ᠪᠠᠶᠢᠭᠤᠯᠤᠯᠲᠠ ᠪᠠ ᠲᠣᠨᠤᠭᠯᠠᠯ ᠦᠢᠯᠡᠳᠬᠦ ᠦᠢᠯᠡᠰ ᠤᠨ ᠬᠦᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠦᠭᠵᠢᠯᠲᠡ ᠶᠢᠨ ᠵᠢᠮ᠎ᠡ ᠶᠣᠰᠤ ᠶᠢ ᠵᠢᠷᠤᠮᠯᠠᠵᠤ᠂ ᠲᠥᠯᠥᠪᠵᠢᠭᠦᠯᠭᠡ ᠶᠢᠨ ᠭᠤᠣᠯ ᠰᠢᠪᠲᠤᠯᠬᠤ ᠴᠢᠭᠯᠡᠯ ᠢ ᠣᠨᠣᠪᠴᠢᠲᠠᠢ ᠡᠵᠡᠮᠳᠡᠵᠦ᠂ ᠲᠣᠨᠤᠭᠯᠠᠯ ᠨᠢ ᠡᠨᠧᠷᠭᠢ  ᠪᠠᠷ ᠭᠤᠣᠯᠳᠠᠭᠤᠯᠬᠤ᠂ ᠢᠵᠢ ᠪᠦᠷᠢᠳᠦᠭᠦᠯᠬᠦ ᠳᠡᠭᠡᠨ ᠭᠤᠣᠯ ᠠᠵᠢᠯ ᠦᠢᠯᠡᠰ ᠢᠶᠠᠷ ᠭᠤᠣᠯᠳᠠᠭᠤᠯᠬᠤ᠂ ᠲᠦᠷᠦᠯ ᠵᠦᠢᠯ ᠨᠢ ᠵᠠᠬ᠎ᠠ ᠳᠡᠯᠭᠡᠭᠦᠷ ᠢᠶᠠᠷ ᠭᠤᠣᠯᠳᠠᠭᠤᠯᠬᠤ ᠶᠢ ᠪᠠᠷᠢᠮᠳᠠᠯᠠᠵᠤ᠂ ᠰᠢᠨ᠎ᠡ ᠡᠨᠧᠷᠭᠢ ᠶᠢᠨ ᠲᠣᠨᠤᠭᠯᠠᠯ ᠦᠢᠯᠡᠳᠬᠦ ᠦᠢᠯᠡᠰ ᠢ ᠪᠣᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠦᠴᠦ ᠪᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠦᠢᠯᠡᠰ ᠤᠨ ᠬᠠᠮᠵᠢᠯᠴᠠᠭ᠎ᠠ᠂ ᠦᠢᠯᠡᠳᠬᠦᠨ ᠤ ᠬᠠᠩᠭᠠᠯᠭ᠎ᠠ ᠬᠡᠷᠡᠭᠴᠡᠭᠡ ᠶᠢᠨ ᠤᠶᠤᠨᠲᠤ ᠲᠠᠪᠴᠠᠩ ᠪᠣᠯᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠰᠤᠳᠤᠯᠤᠨ ᠨᠡᠭᠡᠭᠡᠭᠰᠡᠨ ᠦᠢᠯᠡᠳᠬᠦᠨ ᠤ ᠬᠡᠷᠡᠭᠯᠡᠭᠡᠨ ᠤ ᠪᠠᠶᠢᠳᠠᠯ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ ᠳᠠᠪᠠᠭᠤᠯᠢᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠭᠦᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ᠂ ᠥᠪᠡᠷᠲᠡᠭᠡᠨ ᠵᠠᠰᠠᠬᠤ ᠣᠷᠣᠨ  ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠡᠶ᠎ᠡ ᠶᠢᠨ ᠲᠠᠮᠢᠷ ᠤᠨ ᠦᠢᠯᠡᠰ ᠤᠨ ᠭᠦᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠰᠤᠳᠤᠯᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ