︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠮᠥᠩᠭᠦᠨ ᠭᠦᠢᠯᠭᠡᠭᠡᠨ ᠤ ᠬᠥᠭᠵᠢᠯᠲᠡ ᠬᠢᠭᠡᠳ ᠥᠭᠡᠷᠡᠴᠢᠯᠡᠯᠲᠡ ᠶᠢᠨ ᠲᠥᠯᠥᠪᠵᠢᠭᠦᠯᠭᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/21
      ᠨᠢᠭᠡ᠂ ᠲᠣᠭᠲᠠᠭᠠᠭᠰᠠᠨ ᠠᠬᠤᠶ ᠪᠠᠶᠢᠳᠠᠯ ᠵᠢᠴᠢ ᠠᠴᠢ ᠬᠤᠯᠪᠣᠭᠳᠠᠯ      ᠮᠥᠩᠭᠦᠨ ᠭᠦᠢᠯᠭᠡᠭᠡ ᠪᠣᠯ ᠤᠳᠤ ᠦᠶ᠎ᠡ ᠶᠢᠨ ᠠᠵᠤ ᠠᠬᠤᠶ ᠶᠢᠨ ᠭᠤᠣᠯᠳᠠᠯᠭ᠎ᠠ ᠪᠠ ᠠᠮᠢᠨ ᠰᠤᠳᠠᠰᠤ ᠮᠥᠨ᠂ ᠡᠬᠢ ᠪᠠᠶᠠᠯᠢᠭ ᠢ ᠲᠣᠬᠢᠷᠠᠭᠤᠯᠬᠤ ᠪᠠ ᠬᠤᠷᠸ᠎ᠠ ᠲᠣᠬᠢᠷᠠᠭᠤᠯᠤᠯᠲᠠ ᠬᠢᠬᠦ ᠴᠢᠬᠤᠯᠠ ᠪᠠᠭᠠᠵᠢ ᠮᠥᠨ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠥᠩᠭᠦᠨ ᠭᠦᠢᠯᠭᠡᠭᠡᠨ ᠤ ᠬᠥᠭᠵᠢᠯᠲᠡ ᠪᠠ ᠥᠭᠡᠷᠡᠴᠢᠯᠡᠯᠲᠡ ᠶᠢᠨ ᠲᠥᠯᠥᠪᠵᠢᠭᠦᠯᠭᠡ ᠶᠢ ᠰᠠᠶᠢᠲᠤᠷ ᠲᠣᠭᠲᠠᠭᠠᠵᠤ᠂ ᠮᠠᠨ ᠤ ᠣᠷᠣᠨ ᠤ ᠢᠷᠡᠭᠡᠳᠦᠶ ᠶᠢᠨ ᠲᠠᠪᠤᠨ ᠵᠢᠯ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠩ ᠰᠠᠶᠢᠲᠤᠷ ᠦᠢᠯᠡᠴᠢᠯᠡᠬᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠬᠦᠴᠦᠯᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠣᠷᠣᠨ ᠤ ᠮᠥᠩᠭᠦᠨ ᠭᠦᠢᠯᠭᠡᠭᠡᠨ ᠤ ᠠᠵᠢᠯ ᠨᠢ ᠮᠥᠩᠭᠦᠨ ᠭᠦᠢᠯᠭᠡᠭᠡᠨ ᠢ ᠬᠡᠷᠡᠭᠯᠡᠬᠦ᠂ ᠮᠥᠩᠭᠦᠨ ᠭᠦᠢᠯᠭᠡᠭᠡᠨ ᠢ ᠬᠠᠮᠢᠶᠠᠷᠬᠤ᠂ ᠮᠥᠩᠭᠦᠨ ᠭᠦᠢᠯᠭᠡᠭᠡᠨ ᠢ ᠡᠷᠬᠢᠯᠡᠬᠦ ᠭᠤᠷᠪᠠᠨ ᠲᠠᠯ᠎ᠠ ᠠᠴᠠ ᠬᠦᠴᠦᠯᠡᠨ ᠭᠠᠷᠳᠠᠨ᠎ᠠ᠃      ᠬᠤᠶᠠᠷ᠂ ᠭᠤᠣᠯ ᠠᠭᠤᠯᠭ᠎ᠠ      ︵ᠨᠢᠭᠡ︶ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ᠮᠥᠩᠭᠦᠨ ᠭᠦᠢᠯᠭᠡᠭᠡ ᠪᠣᠯ ᠪᠣᠳᠠᠲᠤ ᠴᠣᠭᠴᠠᠲᠤ ᠠᠵᠤ ᠠᠬᠤᠢ ᠶᠢᠨ ᠠᠮᠢᠨ ᠰᠤᠳᠠᠰᠤ ᠮᠥᠨ᠂ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ ᠭᠦᠢᠯᠭᠡᠭᠡᠨ ᠤ ᠳᠠᠷᠬᠠᠨ ᠡᠭᠦᠷᠭᠡ ᠮᠥᠨ᠂ ᠪᠠᠰᠠ ᠴᠤ ᠮᠥᠩᠭᠦᠨ ᠭᠦᠢᠯᠭᠡᠭᠡᠨ ᠤ ᠠᠵᠢᠯ ᠤᠨ ᠡᠭᠦᠰᠦᠯᠲᠡ ᠪᠠ ᠵᠣᠭᠰᠣᠯᠲᠠ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠠᠵᠤ ᠦᠢᠯᠡᠰ᠂ ᠠᠵᠤ ᠠᠬᠤᠶᠢᠯᠠᠯ᠂ ᠣᠷᠣᠨ ᠪᠦᠰᠡ ᠵᠡᠷᠭᠡ ᠭᠤᠷᠪᠠᠨ ᠲᠠᠯ᠎ᠠ ᠪᠠᠷ ᠮᠥᠩᠭᠦᠨ ᠭᠦᠢᠯᠭᠡᠭᠡ ᠶᠢ ᠭᠤᠣᠯᠳᠠᠯᠭ᠎ᠠ ᠲᠠᠢ ᠪᠠᠷ ᠰᠠᠶᠢᠲᠤᠷ ᠬᠡᠷᠡᠭᠯᠡᠨ᠎ᠡ᠃      1. ᠮᠥᠩᠭᠦᠨ ᠭᠦᠢᠯᠭᠡᠭᠡᠨ ᠬᠢᠭᠡᠳ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠬᠳᠤ ᠮᠥᠩᠭᠦᠨ ᠭᠦᠢᠯᠭᠡᠭᠡᠨ ᠤ ᠲᠣᠭᠤᠷᠢᠨ ᠳᠤ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ᠂ ᠦᠢᠯᠡᠴᠢᠯᠡᠭᠡᠨ ᠤ ᠬᠥᠲᠥᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠭᠤᠤᠯᠳᠠᠯᠭ᠎ᠠ ᠲᠠᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠪᠠᠭᠠᠵᠢ ᠶᠢ ᠰᠢᠨᠡᠴᠢᠯᠡᠵᠦ᠂ ᠮᠥᠩᠭᠦᠨ ᠭᠦᠢᠯᠭᠡᠭᠡᠨ ᠪᠠ ᠲᠠᠷᠢᠶᠠᠯᠠᠩ ᠮᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠮᠥᠩᠭᠦᠨ ᠭᠦᠢᠯᠭᠡᠭᠡᠨ ᠤ ᠲᠣᠭᠤᠷᠢᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠭᠤᠣᠯᠳᠠᠭᠤ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ᠂ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠪᠠ ᠡᠨᠧᠷᠭᠢ ᠶᠢᠨ ᠰᠤᠷᠪᠤᠯᠵᠢ ᠶᠢᠨ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠨᠡᠷᠡᠳᠬᠦᠨ ᠤ ᠰᠢᠨᠡᠴᠢᠯᠡᠯᠲᠡ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠭᠤᠯᠤᠭᠳᠠᠬᠤᠨ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠪᠣᠬᠢᠷᠲᠤᠯ ᠦᠭᠡᠶ ᠮᠥᠩᠭᠦᠨ ᠭᠦᠢᠯᠭᠡᠭᠡᠨ ᠤ ᠲᠣᠭᠤᠷᠢᠨ ᠳᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠣᠬᠢᠷᠲᠤᠯ ᠦᠭᠡᠶ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠬᠦᠷᠢᠶ᠎ᠡ ᠲᠡᠶᠢᠰᠢ ᠬᠡᠯᠪᠡᠶᠢᠯᠭᠡᠵᠦ᠂ ᠪᠣᠬᠢᠷᠲᠤᠯ ᠥᠬᠡᠶ ᠬᠥᠭᠵᠢᠯᠲᠡ ᠯᠦᠭᠡ ᠬᠤᠯᠪᠣᠭᠳᠠᠭᠤᠯᠤᠭᠰᠠᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠳᠡᠯᠭᠡᠷᠡᠭᠦᠯᠵᠦ᠂ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ ᠶᠢᠨ ᠪᠠᠷᠢᠮᠵᠢᠶ᠎ᠠ ᠶᠢ ᠨᠠᠷᠢᠯᠢᠬᠵᠢᠭᠤᠯᠤᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠨᠡᠭᠡᠭᠡᠯᠲᠡᠲᠦ ᠴᠢᠨᠠᠷᠲᠠᠶ ᠪᠣᠬᠢᠷᠲᠤᠯ ᠥᠬᠡᠶ ᠮᠥᠩᠭᠦᠨ ᠭᠦᠢᠯᠭᠡᠭᠡᠨ ᠤ ᠨᠡᠷᠡᠳᠬᠦᠨ ᠢ ᠬᠠᠶᠢᠨ ᠰᠦᠪᠡᠭᠴᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠳᠡᠮᠵᠢᠬᠦ᠂ ︽ᠬᠦᠯᠦᠨ ᠨᠠᠭᠤᠷ᠂ ᠲᠠᠶᠢᠭ᠎ᠠ ᠨᠠᠭᠤᠷ᠂ ᠤᠯᠠᠭᠠᠨᠰᠤᠬᠠᠢ︾ ᠶᠢ ᠶᠡᠷᠦᠩᠬᠡᠶᠢᠯᠡᠨ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠳᠡᠯᠭᠡᠷᠡᠭᠦᠯᠵᠦ᠂ ᠠᠶᠢᠮᠠᠭ ᠬᠤᠲᠠ ᠶᠢᠨ ᠪᠣᠬᠢᠷᠲᠤᠯ ᠥᠬᠡᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠠᠵᠢᠯ ᠥᠷᠨᠢᠭᠦᠯᠬᠦ ᠶᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠲᠣᠭᠤᠷᠢᠨ ᠳᠤ᠂ ᠭᠤᠣᠯᠳᠠᠯᠭ᠎ᠠ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠨᠡᠷᠡᠳᠬᠦᠨ ᠤ ᠲᠣᠭᠲᠠᠯᠴᠠᠭ᠎ᠠ ᠶᠢ ᠪᠠᠶᠠᠯᠢᠭᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠢ ᠥᠷᠭᠡᠳᠬᠡᠬᠦ ᠵᠡᠷᠭᠡ ᠲᠠᠯ᠎ᠠ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠡᠨᠵᠢᠯᠠᠭ᠎ᠠ ᠪᠠᠷ ᠪᠠᠯᠠ ᠲᠣᠬᠢᠷᠠᠭᠤᠯᠭ᠎ᠠ ᠪᠠᠨ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠷᠡᠰ ᠤᠨ ᠴᠠᠭᠠᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ᠂ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠪᠠ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠮᠡᠷᠭᠡᠵᠢᠯ ᠤᠨ ᠰᠢᠨᠡᠴᠢᠯᠡᠯᠲᠡ ᠶᠢ ᠳᠡᠮᠵᠢᠨ᠎ᠡ᠃ ᠨᠡᠭᠡᠭᠡᠯᠲᠡᠲᠦ ᠮᠥᠩᠭᠦᠨ ᠭᠦᠢᠯᠭᠡᠭᠡᠨ ᠤ ᠲᠣᠭᠤᠷᠢᠨ ᠳᠤ᠂ ᠭᠤᠣᠯᠳᠠᠭᠤ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ᠂ ᠪᠣᠭᠤᠮᠲᠠ ᠶᠢᠨ ᠠᠵᠤ ᠠᠬᠤᠶ᠂ ᠦᠢᠯᠡᠴᠢᠯᠡᠭᠡᠨ ᠤ ᠭᠠᠳᠠᠭᠠᠳᠤ ᠠᠷᠠᠯᠵᠢᠶ᠎ᠠ ᠶᠢᠨ ᠭᠤᠤᠯ ᠴᠣᠭᠴᠠ ᠶᠢ ᠳᠡᠮᠵᠢᠬᠦ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠢ ᠢᠳᠡᠪᠬᠢᠲᠡᠶ ᠳᠡᠯᠭᠡᠷᠡᠭᠦᠯᠦᠨ᠂ ᠪᠠᠷᠠᠭᠠᠨ ᠤ ᠭᠦᠢᠯᠭᠡᠭᠡᠨ ᠤ ᠮᠥᠩᠭᠦᠨ ᠭᠦᠢᠯᠭᠡᠭᠡᠨ ᠢ ᠶᠡᠭᠡ ᠪᠠᠷ ᠬᠥᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠶᠡᠷᠦᠩᠬᠡᠶᠢᠯᠡᠭᠰᠡᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠲᠣᠭᠲᠠᠭᠤᠨ ᠢᠶᠠᠷ ᠰᠢᠯᠢᠳᠡᠭᠵᠢᠭᠦᠯᠬᠦ ᠶᠢ ᠳᠡᠮᠵᠢᠬᠦ ᠶᠢᠨ ᠲᠣᠭᠤᠷᠢᠨ ᠳᠤ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠢᠶᠠᠨ ᠬᠠᠮᠵᠢᠯᠴᠠᠨ ᠬᠥᠭᠵᠢᠭᠰᠡᠨ ᠰᠠᠭᠠᠯᠢ ᠶᠢᠨ ᠦᠢᠯᠡᠰ ᠤᠨ ᠮᠥᠩᠭᠦᠨ ᠭᠦᠢᠯᠭᠡᠭᠡᠨ ᠢ ᠭᠤᠤᠯᠳᠠᠯᠭ᠎ᠠ ᠲᠠᠢ ᠪᠣᠶ ᠪᠣᠯᠭᠠᠵᠤ᠂ ᠬᠤᠪᠣᠷ ᠰᠢᠷᠣᠶ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ᠃      2. ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠨᠢᠷᠤᠭᠤᠪᠴᠢ ᠬᠦᠲᠦᠴᠢ ᠠᠵᠤ ᠠᠬᠤᠶᠢᠯᠠᠯ ᠳᠤ᠂ ᠬᠦᠲᠦᠴᠢ ᠠᠵᠤ ᠠᠬᠤᠶᠢᠯᠠᠯ ᠢ ᠲᠡᠳᠬᠦᠬᠦ᠂ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ᠂ ᠠᠵᠤ ᠦᠢᠯᠡᠰ ᠢ ᠬᠦᠴᠦᠷᠬᠡᠭᠵᠢᠭᠦᠯᠬᠦ ᠰᠡᠳᠬᠢᠮᠵᠢ ᠶᠣᠰᠣᠭᠠᠷ᠂ ᠬᠠᠮᠢᠶ᠎ᠠ ᠪᠦᠬᠦᠢ ᠢᠵᠢ ᠪᠦᠷᠢᠳᠦᠭᠰᠡᠨ ᠦᠢᠯᠡᠴᠢᠯᠡᠭᠡᠨ ᠪᠠ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠨᠠᠷᠢᠯᠢᠬᠵᠢᠭᠤᠯᠤᠨ᠂ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠢ ᠰᠢᠯᠢᠨ ᠰᠣᠩᠭᠤᠬᠤ᠂ ᠦᠨᠡᠯᠡᠬᠦ᠂ ᠪᠤᠶᠢᠵᠢᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠳᠦᠷᠢᠮ ᠢᠶᠠᠨ ᠥᠭᠡᠷᠡᠴᠢᠯᠡᠵᠦ ᠵᠠᠬ᠎ᠠ ᠳᠡᠯᠭᠡᠭᠦᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠵᠤ᠂ ᠺᠣᠮᠫᠠᠨᠢ ᠶᠢᠨ ᠥᠭᠴᠡᠭᠡᠨ ᠤ ᠲᠡᠮᠳᠡᠭᠲᠦ ᠲᠠᠷᠬᠠᠭᠠᠬᠤ᠂ ᠡᠳ᠋ ᠬᠦᠷᠦᠩᠭᠡ ᠶᠢ ᠲᠡᠮᠳᠡᠭᠲᠦ ᠪᠣᠯᠭᠠᠬᠤ᠂ ᠨᠡᠶᠢᠯᠡᠭᠦᠯᠦᠨ ᠬᠤᠳᠠᠯᠳᠤᠨ ᠠᠪᠬᠤ ᠵᠢᠭᠡᠯᠡᠯᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠳᠠᠬᠢᠨ ᠪᠡᠯᠡ ᠲᠣᠬᠢᠷᠠᠭᠤᠯᠬᠤ ᠶᠢ ᠳᠡᠮᠵᠢᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ ᠠᠩᠬᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶᠡᠨ ᠤ ᠮᠥᠩᠭᠦᠨ ᠭᠦᠢᠯᠭᠡᠭᠡᠨ ᠪᠠ ᠰᠦᠯᠵᠢᠶᠡᠨ ᠳᠡᠭᠡᠷᠡᠬᠢ ᠲᠣᠮᠣ ᠳ᠋ᠠᠶᠢᠲ᠋ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠥᠷᠭᠡᠳᠬᠡᠨ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠭᠤᠤᠯᠳᠠᠯᠭ᠎ᠠ ᠶᠢ ᠳᠣᠷᠣᠭᠰᠢ ᠪᠠᠭᠤᠯᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠨ᠂ ᠠᠮᠢᠳᠤᠯᠢᠭ ᠪᠥᠭᠡᠳ ᠣᠯᠠᠨ ᠶᠠᠩᠵᠤ ᠶᠢᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠳᠤ ᠰᠢᠨᠡᠴᠢᠯᠡᠯᠲᠡ ᠬᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠭᠦᠨᠵᠡᠭᠡᠶᠢᠷᠡᠭᠦᠯᠦᠨ᠎ᠡ᠃      3. ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢ ᠬᠥᠲᠥᠯᠦᠨ ᠵᠢᠯᠣᠭᠤᠳᠴᠤ ᠪᠠᠶᠢᠭᠠᠳ ᠣᠷᠣᠨ ᠪᠦᠰᠡ ᠶᠢᠨ ᠪᠠᠶᠢᠷᠢᠰᠢᠭᠤᠯᠤᠯ ᠪᠠ ᠳᠠᠪᠠᠭᠤᠯᠢᠭ᠂ ᠪᠣᠬᠢᠷᠲᠤᠯ ᠥᠬᠡᠶ᠂ ᠤᠨᠴᠠᠯᠢᠬᠳᠤ ᠠᠵᠤ ᠦᠢᠯᠡᠰ ᠲᠠᠢ ᠤᠶᠠᠯᠳᠤᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠶᠣᠰᠣᠭᠠᠷ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠲᠦᠩᠯᠢᠶᠣᠤ ᠶᠢᠨ ᠠᠯᠠᠰᠢᠨ ᠦᠬᠡᠷ᠂ ᠤᠯᠠᠭᠠᠨᠴᠠᠪ ᠤᠨ ᠲᠥᠮᠥᠰᠥ᠂ ᠪᠠᠶᠠᠨᠨᠠᠭᠤᠷ ᠤᠨ ᠨᠡᠷᠡᠨ ᠬᠤᠸᠠᠷ᠂ ᠣᠷᠳᠣᠰ ᠤᠨ ᠨᠣᠣᠯᠤᠭᠤᠷ ᠤᠨ ᠤᠨᠴᠠᠯᠢᠬᠳᠤ ᠮᠥᠩᠭᠦᠨ ᠭᠦᠢᠯᠭᠡᠭᠡᠨ ᠢ ᠪᠣᠶ ᠪᠣᠯᠭᠠᠬᠤ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠳᠡᠮᠵᠢᠨ᠎ᠡ︔ ᠪᠤᠭᠤᠲᠤ᠂ ᠣᠷᠳᠣᠰ᠂ ᠤᠯᠠᠭᠠᠨᠴᠠᠪ᠂ ᠪᠠᠶᠠᠨᠨᠠᠭᠤᠷ᠂ ᠠᠯᠠᠱᠠ ᠵᠡᠷᠭᠡ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠡᠨᠧᠷᠭᠢ ᠶᠢᠨ ᠮᠥᠩᠭᠦᠨ ᠭᠦᠢᠯᠭᠡᠭᠡᠨ ᠤ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠳᠡᠮᠵᠢᠨ᠎ᠡ︔ ᠬᠤᠷᠢᠨᠭᠡᠷ ᠰᠢᠨ᠎ᠡ ᠲᠣᠭᠤᠷᠢᠭ ᠤᠨ ᠲᠤᠮᠤ ᠳ᠋ᠠᠶᠢᠲ᠋ᠠ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠡᠨᠧᠷᠭᠢ ᠵᠡᠷᠭᠡ ᠠᠵᠤ ᠦᠢᠯᠡᠰ ᠤᠨ ᠲᠣᠭᠤᠷᠢᠨ ᠳᠤ ᠤᠷᠢᠳ ᠢᠶᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ ᠵᠠᠭᠪᠤᠷ ᠡᠭᠦᠳᠬᠦ ᠶᠢ ᠳᠡᠮᠵᠢᠵᠦ᠂ ᠪᠤᠭᠤᠲᠤ ᠬᠤᠳᠠ᠂ ᠦᠬᠠᠢ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠤᠷᠣᠭᠳᠠᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠤᠯᠠᠮᠵᠢᠯᠠᠯᠲᠤ ᠠᠵᠤ ᠦᠢᠯᠡᠰ ᠤᠨ ᠤᠶᠤᠨᠴᠢᠯᠠᠬᠰᠠᠨ ᠥᠭᠡᠷᠡᠴᠢᠯᠡᠯᠲᠡ ᠶᠢᠨ ᠲᠣᠭᠤᠷᠢᠨ ᠳᠤ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠶᠢ ᠳᠡᠮᠵᠢᠨ᠎ᠡ︔ ᠬᠥᠬᠡᠬᠤᠲᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ︔ ᠪᠣᠭᠤᠮᠲᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠬᠥᠬᠡᠬᠤᠲᠠ᠂ ᠪᠤᠭᠤᠲᠤ᠂ ᠤᠯᠠᠭᠠᠨᠬᠠᠳᠠ᠂ ᠣᠷᠳᠣᠰ ᠵᠡᠷᠭᠡ ᠭᠠᠵᠠᠷ ᠣᠷᠣᠨ ᠳᠤ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠡᠭᠦᠳᠦᠨ ᠪᠠᠶᠢᠭᠤᠯᠬᠤ ᠶᠢ ᠳᠡᠮᠵᠢᠨ᠎ᠡ᠃      ︵ᠬᠤᠶᠠᠷ︶ ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠢᠨᠠᠷᠯᠢᠭ ᠬᠠᠮᠢᠶᠠᠷᠤᠨ ᠡᠵᠡᠮᠳᠡᠵᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ      ᠮᠥᠩᠭᠦᠨ ᠭᠦᠢᠯᠭᠡᠭᠡᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢᠨ ᠴᠢᠬᠤᠯᠠ ᠰᠠᠭᠤᠷᠢ ᠮᠥᠨ᠃ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠬᠤ ᠪᠣᠯ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠦᠨᠳᠦᠰᠦᠨ ᠴᠢᠨᠠᠷᠲᠠᠢ ᠲᠣᠮᠣ ᠶᠠᠪᠤᠳᠠᠯ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠳᠤ ᠭᠤᠣᠯᠳᠠᠯᠭ᠎ᠠ ᠲᠠᠢ ᠪᠠᠷ ᠳᠣᠣᠷᠠᠬᠢ ᠭᠤᠷᠪᠠᠨ ᠲᠠᠯ᠎ᠠ ᠠᠴᠠ ᠭᠠᠷᠳᠠᠨ᠎ᠠ᠃      1. ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠢᠲᠡᠭᠡᠮᠵᠢ ᠶᠢᠨ ᠲᠦᠭᠰᠢᠭᠦᠷᠢ ᠳᠤ ᠴᠢᠭᠯᠡᠭᠦᠯᠦᠨ᠂ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢᠨ ᠲᠦᠭᠰᠢᠭᠦᠷᠢ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠪᠠ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠠᠷᠢᠯᠭᠠᠬᠤ ᠠᠵᠢᠯ ᠢ ᠭᠤᠣᠯᠳᠠᠯᠭ᠎ᠠ ᠲᠠᠢ ᠠᠬᠢᠭᠤᠯᠤᠨ᠎ᠠ᠃ ᠪᠠᠶᠢᠭᠤᠯᠤᠮᠵᠢ ᠶᠢᠨ ᠲᠦᠭᠰᠢᠭᠦᠷᠢ ᠳᠤ ᠴᠢᠭᠯᠡᠭᠦᠯᠦᠨ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠦᠨᠡᠯᠡᠨ ᠵᠢᠱᠢᠬᠦ ᠲᠣᠭᠲᠠᠯᠴᠠᠭ᠎ᠠ ᠶᠢ ᠪᠠᠶᠢᠭᠤᠯᠵᠤ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠭᠯᠡᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ ᠰᠤᠳᠤᠯᠤᠨ ᠮᠠᠭᠠᠳᠯᠠᠬᠤ᠂ ᠤᠯᠠᠨ ᠲᠡᠰ ᠳᠠᠪᠬᠤᠷᠭ᠎ᠠ ᠶᠢᠨ ᠮᠡᠳᠡᠭᠡ ᠵᠠᠩᠭᠢ ᠶᠢ ᠨᠡᠪᠲᠡᠷᠡᠯᠴᠡᠭᠦᠯᠬᠦ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠲᠦᠷᠦᠯ ᠬᠤᠪᠢᠶᠠᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠳᠤᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠲᠦᠭᠰᠢᠭᠦᠷᠢ ᠳᠤ ᠴᠢᠭᠯᠡᠭᠦᠯᠦᠨ᠂ ᠠᠵᠤ ᠠᠬᠤᠶᠢᠯᠠᠯ ᠤᠨ ᠡᠷᠭᠢᠯᠲᠡ ᠶᠢᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠬᠥᠭᠵᠢᠭᠦᠯᠬᠦ ᠰᠠᠭᠤᠷᠢ ᠮᠥᠩᠭᠦ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠪᠠᠨ ᠰᠣᠯᠢᠵᠤ ᠲᠥᠯᠥᠬᠦ ᠬᠤᠭᠤᠴᠠᠭ᠎ᠠ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠬᠥᠭᠦᠷᠭᠡ ᠥᠩᠭᠡᠷᠡᠬᠦ ᠪᠠᠯᠠ ᠲᠣᠬᠢᠷᠠᠭᠤᠯᠭ᠎ᠠ ᠶᠢᠨ ᠪᠠᠭᠠᠵᠢ ᠶᠢ ᠪᠠᠶᠠᠯᠢᠭᠵᠢᠭᠤᠯᠤᠨ᠎ᠠ᠃      2. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠭᠤᠷᠪᠠᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠲᠣᠭᠲᠠᠭᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠣᠪᠣᠷᠠᠯ ᠢ ᠵᠢᠷᠤᠮᠵᠢᠭᠤᠯᠤᠨ᠎ᠠ᠃ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠢ ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠢᠨᠠᠨ ᠬᠠᠮᠢᠶᠠᠷᠬᠤ ᠠᠷᠭ᠎ᠠ ᠪᠠᠷᠢᠯ ᠢ ᠪᠠᠶᠠᠯᠢᠭᠵᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢ ᠬᠦᠴᠦᠯᠡᠨ ᠬᠥᠮᠦᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠤᠰᠬᠠᠶᠢᠵᠢᠭᠰᠠᠨ ᠲᠠᠯ᠎ᠠ ᠪᠠᠷ᠂ ᠰᠢᠯᠢᠳᠡᠭ ᠢ ᠬᠦᠴᠦᠷᠬᠡᠭᠵᠢᠭᠦᠯᠬᠦ᠂ ᠳᠤᠮᠳᠠ ᠶᠢ ᠠᠬᠢᠭᠤᠯᠬᠤ᠂ ᠰᠢᠭᠠᠷᠤ ᠶᠢ ᠰᠢᠭᠰᠢᠭᠳᠡᠭᠦᠯᠬᠦ᠂ ᠰᠠᠮᠠᠭᠤᠷᠠᠯ ᠢ ᠵᠠᠰᠠᠬᠤ ᠬᠢᠨᠠᠯᠲᠠ ᠬᠠᠮᠢᠶᠠᠷᠤᠯᠲᠠ ᠶᠢᠨ ᠤᠳᠤᠷᠢᠳᠤᠮᠵᠢ ᠶᠢᠨ ᠲᠣᠭᠤᠷᠢᠨ ᠳᠤ᠂ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠯᠴᠠᠭ᠎ᠠ ᠪᠠ ᠲᠦᠷᠢᠮ ᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢᠨ ᠪᠠᠶᠢᠭᠤᠯᠤᠯᠲᠠ ᠶᠢ ᠵᠢᠯᠣᠭᠤᠳᠴᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠵᠤ᠂ ᠺᠣᠮᠫᠠᠨᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠤᠨ ᠨᠡᠶᠢᠭᠡᠮᠯᠢᠭ ᠤᠨ ᠠᠵᠢᠯ ᠲᠦᠷᠦᠯ ᠤᠨ ᠵᠢᠷᠤᠮᠵᠢᠯ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠶᠢ ᠠᠬᠢᠭᠤᠯᠵᠤ᠂ ᠠᠵᠢᠯ ᠲᠦᠷᠦᠯ ᠤᠨ ᠥᠪᠡᠷ ᠢ ᠪᠠᠨ ᠬᠠᠮᠢᠶᠠᠷᠤᠨ ᠬᠢᠵᠠᠭᠠᠷᠯᠠᠬᠤ ᠲᠣᠭᠲᠠᠴᠠ ᠶᠢ ᠠᠬᠢᠭᠤᠯᠤᠨ᠎ᠠ᠃      3. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠵᠢᠯᠴᠠᠨ ᠠᠵᠢᠯᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠲᠦᠭᠰᠢᠭᠦᠷᠢ ᠶᠢ ᠰᠡᠷᠭᠡᠶᠢᠯᠡᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ ᠭᠡᠷ ᠤᠨ ᠣᠷᠣᠨ ᠨᠤᠲᠤᠭ ᠲᠠᠬᠢ ᠵᠣᠬᠢᠴᠠᠭᠤᠯᠬᠤ ᠲᠣᠭᠲᠠᠴᠠ ᠪᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠤᠨ ᠵᠥᠪᠯᠡᠨ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠰᠢᠢᠳᠪᠦᠷᠢᠯᠡᠬᠦ᠂ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠢ ᠨᠠᠮᠳᠠᠭᠤᠯᠤᠨ ᠰᠢᠢᠳᠪᠦᠷᠢᠯᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠵᠡᠷᠭᠡ ᠲᠠᠯ᠎ᠠ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠬᠠᠮᠵᠢᠯᠴᠠᠭ᠎ᠠ ᠶᠢ ᠴᠢᠬᠤᠯᠠᠴᠢᠯᠠᠵᠤ᠂ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠶᠢᠨ ᠣᠷᠣᠨ ᠨᠤᠲᠤᠭ ᠲᠠᠬᠢ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠬᠢ ᠵᠣᠬᠢᠴᠠᠭᠤᠯᠭ᠎ᠠ ᠪᠠ ᠬᠤᠯᠪᠣᠭᠠᠯᠠᠨ ᠬᠦᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠥᠭᠵᠢᠯᠲᠡ ᠶᠢ ᠠᠬᠢᠭᠤᠯᠬᠤ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠲᠦᠷᠦ ᠶᠢᠨ ᠪᠤᠳᠤᠯᠭ᠎ᠠ ᠶᠢ ᠬᠠᠮᠵᠢᠯᠴᠠᠭᠤᠯᠬᠤ᠂ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠬᠦ᠂ ᠠᠯᠬᠤᠮ ᠢᠶᠠᠨ ᠨᠢᠭᠡᠳᠬᠡᠬᠦ᠂ ᠵᠣᠬᠢᠴᠠᠯᠳᠤᠭᠤᠯᠤᠨ ᠬᠤᠯᠪᠣᠯᠳᠤᠭᠤᠯᠬᠤ ᠲᠣᠭᠲᠠᠴᠠ ᠪᠠ ᠠᠷᠭ᠎ᠠ ᠮᠠᠶ᠋ᠢᠭ ᠵᠡᠷᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃      ︵ᠭᠤᠷᠪᠠ︶ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠥᠨᠳᠥᠷ ᠬᠢᠷᠢ ᠲᠦᠪᠰᠢᠨ ᠢᠶᠠᠷ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ      ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠪᠡᠨ ᠲᠠᠯ᠎ᠠ ᠠᠴᠠ ᠭᠤᠣᠯᠳᠠᠯᠭ᠎ᠠ ᠲᠠᠢ ᠪᠠᠷ ᠮᠥᠩᠭᠦᠨ ᠭᠦᠢᠯᠭᠡᠭᠡ ᠶᠢ ᠰᠠᠶᠢᠲᠤᠷ ᠡᠷᠬᠢᠯᠡᠨ᠎ᠡ᠃      1. ᠮᠥᠩᠭᠦᠨ ᠭᠦᠢᠯᠭᠡᠭᠡᠨ ᠢᠶᠠᠷ ᠬᠥᠲᠥᠯᠦᠨ ᠵᠢᠯᠣᠭᠤᠳᠬᠤ ᠶᠢ ᠬᠦᠴᠦᠯᠡᠨ ᠴᠢᠩᠭᠠᠳᠬᠠᠨ᠎ᠠ᠃ ᠪᠠᠶᠢᠭᠤᠯᠤᠮᠵᠢ ᠶᠢᠨ ᠲᠠᠯ᠎ᠠ ᠪᠠᠷ᠂ ᠤᠯᠠᠨ ᠲᠡᠰ ᠳᠠᠪᠬᠤᠷᠭ᠎ᠠ ᠠᠴᠠ ᠵᠠᠰᠠᠭ ᠮᠥᠩᠭᠦ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ ᠤᠨ ᠵᠦᠷᠢᠶᠡᠴᠢᠯᠡᠭᠰᠡᠨ ᠪᠠᠶᠢᠯᠳᠤᠬᠤ ᠪᠤᠳᠤᠯᠭ᠎ᠠ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠲᠠᠯ᠎ᠠ ᠬᠡᠰᠡᠭ ᠢᠶᠠᠷ ᠲᠦᠷᠦᠭᠦᠯᠡᠨ ᠵᠢᠱᠢᠶ᠎ᠡ ᠦᠵᠡᠭᠦᠯᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠥᠯᠥᠭᠡ ᠦᠢᠯᠡᠳᠦᠯ ᠢ ᠪᠠᠳᠠᠷᠠᠭᠤᠯᠬᠤ ᠶᠢ ᠠᠬᠢᠭᠤᠯᠤᠨ᠎ᠠ᠃ ᠣᠷᠣᠨ ᠪᠦᠰᠡ ᠶᠢᠨ ᠲᠠᠯ᠎ᠠ ᠪᠠᠷ᠂ ᠡᠯ᠎ᠡ ᠠᠶᠢᠮᠠᠭ ᠬᠤᠲᠠ ᠶᠢᠨ ᠤᠨᠴᠠᠯᠢᠭᠳᠤ ᠳᠠᠪᠠᠭᠤᠯᠢᠭ ᠠᠵᠤ ᠦᠢᠯᠡᠰ ᠲᠠᠢ ᠤᠶᠠᠯᠳᠤᠭᠤᠯᠤᠨ᠂ ᠠᠶᠢᠮᠠᠭ ᠬᠤᠲᠠ ᠶᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠥᠯᠥᠪᠵᠢᠭᠦᠯᠭᠡ ᠶᠢᠨ ᠵᠠᠮ ᠱᠤᠭᠤᠮ ᠤᠨ ᠵᠢᠷᠤᠭ ᠪᠠᠶᠢᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠶᠢᠮᠠᠭ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠤᠨ ᠲᠠᠯ᠎ᠠ ᠪᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠴᠠᠭᠠᠨ ᠲᠠᠩᠰᠠ ᠶᠢᠨ ᠲᠦᠷᠢᠮ ᠪᠠᠶᠢᠭᠤᠯᠬᠤ ᠶᠢ ᠠᠬᠢᠭᠤᠯᠵᠤ᠂ ᠴᠠᠭᠠᠨ ᠲᠠᠩᠰᠠ ᠶᠢᠨ ᠠᠵᠤ ᠠᠬᠤᠶᠢᠯᠠᠯ ᠤᠨ ᠲᠤᠰᠬᠠᠶ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠦᠷᠦᠭᠦᠯᠡᠨ ᠭᠤᠤᠯᠯᠠᠨ ᠡᠷᠭᠢᠯᠡᠬᠦ ᠲᠣᠭᠲᠠᠴᠠ ᠶᠢ ᠪᠠᠶᠢᠭᠤᠯᠤᠨ᠎ᠠ᠃      2. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠ ᠶᠢᠨ ᠬᠤᠳᠠᠯᠳᠤᠭᠠᠨ ᠤ ᠠᠵᠢᠯ ᠲᠥᠷᠥᠯ ᠤᠨ ᠥᠭᠡᠷᠡᠴᠢᠯᠡᠯᠲᠡ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠬᠦᠷᠦᠩᠭᠡ ᠶᠢ ᠨᠥᠬᠦᠪᠥᠷᠢᠯᠡᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠡᠮᠬᠢ ᠵᠢᠷᠤᠮ ᠲᠠᠢ ᠠᠬᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠬᠥᠭᠵᠢᠯᠲᠡ ᠶᠢ ᠬᠥᠲᠥᠯᠥᠨ ᠵᠢᠯᠣᠭᠤᠳᠴᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠡᠮᠳᠡᠭᠲᠦ᠂ ᠢᠲᠡᠭᠡᠮᠵᠢ᠂ ᠰᠠᠭᠤᠷᠢ ᠮᠥᠩᠭᠦᠨ ᠤ ᠺᠣᠮᠫᠠᠨᠢ ᠵᠡᠷᠭᠡ ᠶᠢᠨ ᠣᠷᠣᠨ ᠤ ᠳᠣᠲᠣᠷ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠣᠷᠣᠨ ᠳᠤ ᠰᠠᠭᠤᠭ᠎ᠠ ᠪᠠᠶᠢᠭᠤᠯᠤᠮᠵᠢ ᠶᠢᠨ ᠴᠢᠳᠠᠮᠵᠢᠲᠤ ᠶᠡᠷᠦᠩᠬᠡᠶ ᠬᠡᠯᠲᠡᠰ᠂ ᠤᠨᠴᠠᠯᠢᠭᠳᠤ ᠲᠤᠰᠬᠠᠶ ᠡᠵᠡᠩᠨᠡᠯᠲᠡ ᠶᠢᠨ ᠪᠠᠶᠢᠭᠤᠯᠤᠮᠵᠢ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠵᠠᠭᠤᠴᠢ ᠦᠢᠯᠡᠴᠢᠯᠡᠭᠡᠨ ᠤ ᠲᠥᠷᠥᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤᠪᠤᠶᠢᠵᠢᠭᠤᠯᠤᠨ᠎ᠠ᠃      3. ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠪᠦᠷᠢᠨᠰᠢᠬᠦᠯᠦᠨ᠂ ᠠᠶᠢᠮᠠᠭ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠰᠠᠯᠠᠭ᠎ᠠ ᠮᠥᠴᠢᠷ ᠤᠨ ᠲᠣᠮᠣ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠭᠡᠭᠡᠯᠲᠡ ᠲᠠᠢ ᠪᠥᠭᠡᠳ ᠬᠠᠮᠲᠤ ᠪᠠᠷ ᠬᠦᠷᠲᠡᠬᠦ ᠪᠣᠯᠭᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠶᠡᠷᠦᠩᠬᠡᠶᠢᠯᠡᠨ ᠪᠦᠷᠢᠳᠬᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠬᠠᠤᠯᠢ ᠪᠠᠷ ᠵᠠᠰᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠬᠠᠤᠯᠢ ᠴᠠᠭᠠᠵᠠ ᠶᠢᠨ ᠪᠠᠶᠢᠭᠤᠯᠭ᠎ᠠ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃ ᠢᠲᠡᠭᠡᠮᠵᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠲᠡᠭᠡᠮᠵᠢᠲᠦ ᠬᠡᠷᠡᠭᠯᠡᠭᠴᠢ᠂ ᠢᠲᠡᠭᠡᠮᠵᠢᠲᠦ ᠲᠣᠰᠬᠤᠨ᠂ ᠢᠲᠡᠭᠡᠮᠵᠢᠲᠦ ᠰᠢᠶᠠᠩ ᠪᠠᠯᠭᠠᠰᠤ ᠶᠢ ᠦᠨᠡᠯᠡᠨ ᠲᠣᠭᠲᠠᠭᠠᠬᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠨᠡᠶᠢᠭᠡᠮ ᠨᠡᠶᠢᠲᠡ ᠶᠢᠨ ᠬᠢᠨ ᠤ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠤᠭᠴᠢᠳ ᠤᠨ ᠵᠣᠬᠢᠰᠲᠠᠶ ᠬᠠᠮᠢᠶᠠᠷᠤᠯᠲᠠ ᠪᠠ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ ᠤᠨ ᠬᠤᠷᠢᠨᠭᠡᠷ ᠲᠠᠬᠢ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠳᠤ ᠲᠦᠰᠢᠭᠯᠡᠵᠦ᠂ ᠳᠤᠮᠳᠠᠳᠤ ᠤᠯᠤᠰ ᠤᠨ ︽ᠮᠥᠩᠭᠦᠨ ᠭᠦᠢᠯᠭᠡᠭᠡᠨ ᠤ ᠡᠭᠦᠯᠡᠨ ᠵᠢᠯᠠᠭ᠎ᠠ︾ ᠶᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      4. ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠦᠴᠦᠯᠡᠨ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠬᠤᠤᠰ ᠴᠢᠭᠯᠡᠯ ᠢᠶᠠᠷ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠰ ᠮᠣᠩᠭᠤᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠢ ᠭᠦᠨᠵᠡᠭᠡᠶᠢᠷᠡᠭᠦᠯᠦᠨ᠎ᠡ᠃ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠴᠢᠨᠠᠷᠲᠠᠶ ᠤᠯᠤᠰ ᠤᠨ ᠪᠠᠶᠢᠯᠳᠤᠬᠤ ᠪᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠢᠶ᠎ᠠ ᠪᠦᠬᠦᠢ ᠮᠤᠵᠢ ᠣᠷᠣᠨ ᠯᠤᠭ᠎ᠠ ᠶᠢᠨ ᠮᠥᠩᠭᠦᠨ ᠭᠦᠢᠯᠭᠡᠭᠡᠨ ᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠶ ᠬᠡᠯᠲᠡᠰ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠣᠷᠣᠨ ᠤ ᠭᠠᠳᠠᠨᠠᠬᠢ ᠠᠵᠢᠯ ᠨᠢᠭᠡᠲᠡᠨ ᠤ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠭᠠᠵᠠᠷ ᠣᠷᠣᠨ ᠠᠯᠤᠰᠯᠠᠭᠰᠠᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ