ᠸᠠᠩ ᠯᠢ ᠰᠢᠶᠠ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ᠳᠠᠬᠢᠨ ᠳᠦᠷᠬᠡᠳᠬᠡᠵᠥ ᠳᠠᠬᠢᠨ ᠤᠨᠤᠪᠴᠢᠳᠠᠢ ᠪᠤᠯᠭᠠᠵᠥ ᠳᠠᠬᠢᠨ ᠴᠢᠩᠭᠠᠳᠬᠠᠨ ᠪᠣᠲᠠᠲᠠᠶᠢᠵᠢᠭᠤᠯᠵᠥ ᠬᠢᠵᠢᠭ  ᠤᠨ ᠲᠠᠷᠬᠠᠨ ᠳᠡᠯᠭᠡᠷᠡᠬᠦ ᠬᠠᠨᠳᠤᠰᠢ ᠶᠢ ᠪᠦᠬᠦ ᠬᠦᠴᠦᠨ ᠢᠶᠠᠷ ᠢᠶᠠᠨ ᠡᠷᠡᠰ ᠬᠤᠷᠢᠭᠯᠠᠬᠤ ᠬᠡᠷᠡᠭᠳᠡᠢ
ᠨᠡᠶᠢᠲᠡᠯᠡᠭᠰᠡᠨ ᠴᠠᠭ᠄
2021/10/22


      10 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠠᠢ ᠳᠤ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠣᠳᠣᠬᠠᠨ ᠳᠤ ᠬᠢᠵᠢᠭ ᠤᠨ ᠪᠠᠶᠢᠳᠠᠯ ᠣᠨᠴᠠᠭᠠᠢ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠦᠷ ᠲᠠᠬᠢᠨ ᠲᠦᠷᠭᠡᠳᠭᠡᠵᠦ᠂ ᠲᠠᠬᠢᠨ ᠣᠨᠣᠪᠴᠢᠳᠠᠢ ᠪᠤᠯᠭᠠᠵᠥ᠂ ᠲᠠᠬᠢᠨ ᠴᠢᠩᠭᠠᠳᠬᠠᠨ ᠪᠣᠲᠠᠲᠠᠶᠢᠵᠢᠭᠤᠯᠵᠤ᠂ ᠬᠢᠵᠢᠭ ᠤᠨ ᠲᠠᠷᠬᠠᠨ ᠳᠡᠯᠭᠡᠷᠡᠬᠦ ᠬᠠᠨᠳᠤᠰᠢ ᠶᠢ ᠪᠦᠬᠦ ᠬᠦᠴᠦᠨ ᠢᠶᠠᠷ ᠢᠶᠠᠨ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃

1.jpg


2.jpg

      ᠸᠠᠩ ᠯᠢ ᠰᠢᠶᠠ ᠨᠠᠷ ᠰᠥᠨᠢ ᠪᠠᠷ ᠲᠡᠷᠭᠡᠨ ᠳᠤ ᠰᠠᠭᠤᠵᠤ ᠡᠵᠡᠨ᠎ᠡ ᠬᠤᠰᠢᠭᠤᠨ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠢᠨ ᠲᠠᠯᠠᠪᠠᠶ ᠶᠢᠨ ᠰᠢᠢᠳᠪᠦᠷᠢᠯᠡᠬᠦ ᠵᠢᠯᠤᠭᠤᠳᠬᠤ ᠭᠠᠵᠠᠷ ᠲᠤ ᠰᠢᠭᠤᠳ ᠬᠦᠷᠴᠦ᠂ ᠬᠢᠵᠢᠭ ᠡᠪᠡᠳᠴᠢᠨ ᠤ ᠪᠠᠶᠢᠴᠠᠭᠠᠯᠲᠠ ᠡᠬᠢ ᠰᠤᠷᠪᠤᠯᠵᠢ ᠶᠢᠨ ᠮᠦᠷᠳᠡᠯᠳᠡ᠂ ᠬᠠᠩᠭᠠᠯᠭ᠎ᠠ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠡᠵᠡᠮᠳᠡᠬᠦ ᠲᠠᠪᠴᠠᠩ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠵᠦ᠂ ᠬᠦᠴᠦᠨ ᠢ ᠨᠡᠶᠢᠳᠬᠡᠬᠦ᠂ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ᠂ ᠮᠡᠳᠡᠭᠡ ᠵᠠᠩᠭᠢ ᠶᠢ ᠠᠭᠤᠰᠤᠯᠴᠠᠭᠤᠯᠤᠨ ᠰᠢᠯᠤᠭᠤᠳᠬᠠᠬᠤ᠂ ᠠᠵᠢᠯ ᠢ ᠵᠣᠯᠭᠠᠭᠤᠯᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢᠨ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠵᠠᠪᠰᠠᠷ ᠥᠬᠡᠶ ᠥᠨᠳᠥᠷ ᠪᠦᠲᠦᠮᠵᠢᠲᠡᠶ ᠵᠣᠯᠭᠠᠭᠤᠯᠬᠤ ᠬᠡᠷᠡᠭᠲᠡᠶ ᠭᠡᠵᠦ ᠱᠠᠭᠠᠷᠳᠠᠪᠠ᠃


3.jpg

      ᠸᠠᠩ ᠯᠢ ᠰᠢᠶᠠ ᠲᠤᠬᠠᠶ ᠶᠢᠨ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠂ ᠲᠡᠷᠡ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠦᠪᠦᠷ ᠮᠤᠩᠭᠤᠯ ᠳᠤ ᠢᠷᠡᠭᠰᠡᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠡᠳ᠋ ᠡᠷᠬᠢᠯᠡᠭᠴᠢ ᠯᠢ ᠪᠢᠨ ᠲᠠᠢ ᠡᠪᠡᠳᠴᠢᠲᠡᠨ ᠤ ᠲᠣᠭᠤᠷᠢᠭ ᠢ ᠥᠭᠡᠷᠡᠴᠢᠯᠡᠨ ᠵᠠᠰᠠᠬᠤ᠂ ᠡᠪᠡᠳᠴᠢᠲᠡᠨ ᠢ ᠠᠪᠤᠷᠠᠨ ᠵᠠᠰᠠᠬᠤ ᠵᠡᠷᠭᠡ ᠠᠵᠢᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠲᠤᠰᠠᠯᠠᠬᠤ ᠪᠠᠷ ᠢᠷᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ  ᠲᠠᠢ ᠰᠠᠨᠠᠯ ᠢᠶᠠᠨ ᠰᠣᠯᠢᠯᠴᠠᠪᠠ᠃ ᠲᠡᠷᠡ ᠪᠠᠰᠠ ᠲᠤᠰᠠᠭᠠᠷᠯᠠᠭᠰᠠᠨ ᠡᠪᠡᠳᠴᠢᠲᠡᠨ ᠤ ᠲᠣᠭᠤᠷᠢᠭ ᠤᠨ ᠡᠮᠴᠢᠯᠡᠭᠡᠨ ᠤ ᠠᠵᠢᠯᠲᠠᠳ ᠲᠠᠢ ᠸᠢᠳᠢᠣ᠋ ᠪᠠᠷ ᠬᠠᠷᠢᠯᠴᠠᠵᠤ᠂ ᠲᠤᠬᠠᠢ ᠶᠢᠨ ᠲᠠᠯᠠᠪᠠᠢ ᠳᠤ ᠨᠡᠶᠢᠭᠡᠮ ᠲᠣᠭᠤᠷᠢᠭ ᠢ ᠪᠢᠲᠡᠭᠦᠮᠵᠢᠯᠡᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠡᠮᠴᠢ ᠰᠤᠪᠢᠯᠠᠭᠴᠢᠳ ᠪᠣᠯᠤᠨ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠳ ᠤᠨ ᠵᠣᠷᠢᠭᠲᠠᠢ ᠪᠠᠷ ᠠᠶᠤᠯ ᠲᠦᠭᠰᠢᠭᠦᠷᠢ ᠳᠤ ᠬᠠᠨᠳᠤᠵᠤ᠂ ᠬᠢᠵᠢᠭ ᠤᠨ ᠪᠠᠶᠢᠳᠠᠯ ᠢ ᠪᠦᠬᠦ ᠬᠦᠴᠦ ᠪᠠᠷ ᠢᠶᠠᠨ ᠰᠡᠷᠭᠡᠶᠢᠯᠡᠨ ᠡᠵᠡᠮᠳᠡᠰᠦᠬᠡᠢ ᠬᠡᠵᠥ ᠵᠣᠷᠢᠭᠵᠢᠭᠤᠯᠵᠤ᠂ ᠰᠡᠷᠭᠡᠶᠢᠯᠡᠨ ᠬᠠᠮᠠᠭᠠᠯᠠᠬᠤ ᠠᠵᠢᠯ ᠢ ᠴᠢᠩᠭ᠎ᠠ ᠨᠢᠮᠪᠠᠢ ᠰᠠᠶᠢᠲᠤᠷ ᠬᠢᠵᠦ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠣᠯᠠᠨ ᠳᠤ ᠵᠠᠬᠢᠪᠠ᠃

4.jpg 


5.jpg


6.jpg

 

    ᠸᠠᠩ ᠯᠢ ᠰᠢᠶᠠ ᠲᠤᠬᠠᠶ ᠶᠢᠨ ᠭᠠᠵᠠᠷ ᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠬᠦᠷᠴᠦ᠂ ᠡᠯ᠎ᠡ ᠲᠠᠯ᠎ᠠ ᠶᠢᠨ ᠬᠢᠨ ᠢ ᠡᠷᠬᠡᠪᠰᠢ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠪᠠ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭᠠᠷᠯᠠᠬᠤ ᠬᠥᠮᠦᠰ ᠤᠨ ᠦᠵᠡᠯ ᠰᠠᠨᠠᠭᠠᠨ ᠤ ᠣᠯᠤᠯᠴᠠᠭ᠎ᠠ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠲᠡᠷᠡ ᠪᠠᠰᠠ ᠡᠵᠡᠨ᠎ᠡ ᠬᠤᠰᠢᠭᠤᠨ ᠤ ᠪᠥᠭᠡᠮ ᠬᠦᠴᠢᠯ ᠤᠨ ᠲᠥᠪᠯᠡᠷᠡᠭᠦᠯᠦᠨ ᠥᠯᠢᠭᠡᠷ ᠠᠪᠬᠤ ᠴᠡᠭ ᠲᠤ ᠬᠦᠷᠴᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠵᠣᠬᠢᠶᠠᠨ ᠪᠠᠶᠢᠭᠤᠯᠵᠤ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠮᠥᠴᠡ ᠶᠢ ᠠᠮᠵᠢᠨ ᠰᠢᠯᠭᠠᠨ ᠪᠠᠶᠢᠴᠠᠭᠠᠵᠤ᠂ ᠰᠢᠯᠭᠠᠨ ᠪᠠᠶᠢᠴᠠᠭᠠᠬᠤ ᠶᠤᠰᠤᠳᠠᠢ ᠶᠢ ᠪᠦᠬᠦᠨ ᠢ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠱᠠᠭᠠᠷᠳᠠᠪᠠ᠃ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ  ᠲᠤ᠂ ᠸᠠᠩ ᠯᠢ ᠰᠢᠶᠠ ᠡᠮᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠵᠣᠯᠭᠠᠯᠴᠠᠭ᠎ᠠ ᠶᠢᠨ ᠪᠠᠶᠢᠳᠠᠯ ᠢ ᠨᠠᠷᠢᠨ ᠦᠵᠡᠵᠥ ᠬᠢᠨᠠᠮᠠᠭᠠᠢ ᠠᠰᠠᠭᠤᠵᠤ᠂ ᠵᠥᠭᠡᠭᠡᠪᠦᠷᠢᠯᠡᠬᠦ ᠬᠠᠳᠠᠭᠠᠯᠠᠬᠤ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭᠴᠡᠭᠡ ᠲᠠᠢ ᠪᠣᠯ ᠵᠠᠪᠠᠯ ᠪᠠᠲᠤᠯᠠᠬᠤ᠂ ᠪᠡᠯᠡᠳᠭᠡᠯ ᠲᠠᠢ ᠪᠣᠯ ᠪᠠᠯᠢᠳᠠᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
      ᠡᠨᠡ ᠬᠤᠭᠤᠴᠠᠭᠠᠨ ᠳᠤ᠂ ᠸᠠᠩ ᠯᠢ ᠰᠢᠶᠠ ᠪᠠᠰᠠ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠠᠳ ᠲᠦᠮᠡᠨ ᠢ ᠳᠡᠭᠡᠳᠦᠯᠡᠬᠦ ᠬᠡᠷᠡᠭᠲᠡᠢ᠂ ᠠᠮᠢ ᠨᠠᠰᠤ ᠶᠡᠭᠤᠨ ᠠᠴᠠ ᠡᠷᠬᠢᠮ ᠶᠤᠮ᠂ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠰᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠮᠳᠤᠷᠠᠨ ᠠᠯᠪᠠᠯᠠᠵᠦ᠂ ᠲᠤᠰᠬᠠᠶ ᠠᠩᠭᠢ ᠳᠤ ᠲᠤᠰᠬᠠᠶ ᠬᠠᠷᠢᠭᠤᠴᠠᠯᠭ᠎ᠠ ᠡᠭᠦᠷᠭᠡᠯᠡᠭᠦᠯᠬᠦ ᠶᠢ ᠪᠠᠷᠢᠮᠲᠠᠯᠠᠨ᠂ ᠡᠬᠢ ᠪᠠᠶᠠᠯᠢᠭ ᠬᠦᠴᠦᠨ ᠢ ᠤᠯᠠᠮ ᠨᠢᠭᠡ ᠠᠯᠬᠤᠮ ᠲᠥᠪᠯᠡᠷᠡᠭᠦᠯᠦᠨ ᠠᠵᠢᠯ ᠢᠶᠠᠨ ᠥᠷᠨᠢᠭᠦᠯᠬᠦ ᠬᠡᠷᠡᠭᠲᠡᠢ᠃ ᠪᠦᠬᠦᠯᠢ ᠶᠢ ᠬᠡᠰᠡᠭ ᠪᠤᠯᠭᠠᠨ ᠰᠠᠯᠭᠠᠬᠤ᠂ ᠨᠢᠭᠡᠴᠢ ᠶᠢ ᠪᠠᠭᠠᠰᠬᠠᠬᠤ ᠶᠢ ᠪᠠᠷᠢᠮᠳᠠᠯᠠᠵᠥ᠂ ︽ᠦᠯᠢᠭᠡᠷ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ︾ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠷᠪᠠᠳᠤᠭᠠᠷ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠬᠠᠮᠤᠭ ᠤᠨ ᠲᠦᠷᠭᠡᠨ ᠬᠤᠷᠳᠤᠴᠠ ᠪᠠᠷ ᠪᠡᠶᠡᠯᠡᠭᠦᠯᠬᠦ ᠬᠡᠷᠡᠭᠲᠡᠢ᠃ ᠪᠦᠯᠦᠭ ᠬᠤᠪᠢᠶᠠᠨ ᠪᠦᠲᠦᠭᠡᠨ ᠪᠠᠶᠢᠭᠤᠯᠬᠤ᠂ ᠲᠥᠪᠯᠡᠷᠡᠭᠦᠯᠦᠨ ᠲᠣᠬᠢᠷᠠᠭᠤᠯᠬᠤ ᠶᠢ ᠪᠠᠷᠢᠮᠲᠠᠯᠠᠵᠤ᠂ ᠲᠤᠰᠠᠭᠠᠷᠯᠠᠬᠤ᠂ ᠠᠪᠤᠷᠠᠨ ᠵᠠᠰᠠᠬᠤ ᠲᠠᠯᠠᠪᠤᠷ ᠵᠡᠷᠭᠡ ᠪᠡᠯᠡᠳᠭᠡᠯ ᠠᠵᠢᠯ ᠢ ᠭᠦᠢᠴᠡᠳ ᠰᠠᠶᠢᠲᠤᠷ ᠬᠢᠵᠦ᠂ ᠠᠷᠭ᠎ᠠ ᠴᠢᠨᠠᠷ ᠢᠯᠡᠷᠡᠪᠡᠯ ᠵᠠᠪᠠᠯ ᠳᠤᠰᠠᠭᠠᠷᠯᠠᠬᠤ᠂ ᠤᠷᠢᠳ ᠢᠶᠠᠷ ᠲᠤᠰᠠᠭᠠᠷᠯᠠᠵᠤ ᠳᠠᠷᠠᠭ᠎ᠠ ᠨᠢ ᠵᠢᠭᠰᠠᠭᠠᠨ ᠪᠠᠶᠢᠴᠠᠭᠠᠬᠤ ᠬᠡᠷᠡᠭᠲᠡᠢ᠃ ᠠᠵᠢᠯ ᠤᠨ ᠶᠠᠪᠤᠴᠠ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠯᠢ ᠶᠢᠨ ᠪᠣᠭᠤᠮᠲᠠ᠂ ᠨᠢᠰᠭᠡᠯ ᠤᠨ ᠪᠠᠭᠤᠳᠠᠯ ᠵᠡᠷᠭᠡ ᠶᠢᠨ ᠪᠦᠬᠦ ᠶᠠᠪᠤᠴᠠ ᠳᠤ ᠪᠢᠲᠡᠭᠦᠮᠵᠢᠯᠡᠨ ᠬᠠᠮᠢᠶᠠᠷᠬᠤ ᠶᠢ ᠨᠡᠩ ᠨᠢᠭᠲᠠ ᠴᠢᠩᠭ᠎ᠠ ᠪᠣᠳᠠᠲᠠᠢ ᠴᠢᠩᠭᠠᠳᠬᠠᠬᠤ ᠬᠡᠷᠡᠭᠲᠡᠢ᠃ ᠲᠤᠬᠠᠶ ᠶᠢᠨ ᠭᠠᠵᠠᠷ ᠤᠨ ᠡᠮᠴᠢᠯᠡᠭᠡᠨ ᠤ ᠲᠦᠪᠰᠢᠨ ᠪᠣᠯᠤᠨ ᠬᠥᠩᠭᠡᠨ ᠡᠪᠡᠳᠴᠢᠨ ᠨᠢ ᠬᠦᠨᠳᠦ ᠲᠥᠭᠰᠢᠭᠦᠷᠢ ᠲᠠᠢ ᠪᠣᠯᠵᠣ ᠬᠤᠪᠢᠷᠠᠬᠤ ᠵᠡᠷᠭᠡ ᠢᠯᠡᠷᠡᠵᠦ ᠮᠡᠳᠡᠬᠦ ᠪᠠᠶᠢᠳᠠᠯ ᠢ ᠭᠦᠢᠴᠡᠳ ᠪᠣᠳᠣᠯᠬᠢᠯᠠᠵᠤ᠂ ᠡᠪᠡᠳᠴᠢᠲᠡᠨ ᠢ ᠭᠥᠯᠢᠶᠡᠨ ᠠᠪᠴᠤ ᠵᠠᠰᠠᠬᠤ᠂ ᠣᠨᠣᠰᠢᠯᠠᠨ ᠡᠮᠨᠡᠬᠦ᠂ ᠡᠮᠨᠡᠯᠭᠡ ᠰᠢᠯᠵᠢᠬᠦ ᠵᠡᠷᠭᠡ ᠪᠡᠯᠡᠳᠭᠡᠯ ᠪᠠ ᠵᠣᠬᠢᠶᠠᠨ ᠪᠠᠶᠢᠭᠤᠯᠬᠤ ᠠᠵᠢᠯ ᠢ ᠱᠠᠯᠠᠪᠳᠠᠨ ᠰᠠᠶᠢᠲᠤᠷ ᠬᠢᠬᠦ ᠬᠡᠷᠡᠭᠲᠡᠢ᠃ ᠶᠡᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠠᠵᠢᠯ ᠤᠨ ᠠᠬᠢᠴᠠ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠴᠠᠲᠠᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠨᠡᠶᠢᠭᠡᠮ ᠤᠨ ᠲᠣᠭᠲᠠᠭᠤᠨ ᠢ ᠪᠦᠲᠦᠮᠵᠢᠲᠡᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠸᠤ ᠶᠠᠩ ᠰᠢᠶᠤᠤ ᠬᠤᠶ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠱᠠᠯᠠᠪᠳᠠᠭᠤᠯᠤᠨ ᠵᠢᠯᠤᠭᠤᠳᠬᠤ ᠳᠤ ᠣᠷᠤᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ