ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠭᠢᠯᠡᠵᠡᠶ
ᠨᠡᠶᠢᠲᠡᠯᠡᠭᠰᠡᠨ ᠴᠠᠭ᠄
2021/10/22

      10 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ᠂ ᠵᠠᠩ ᠱᠤᠤ ᠴᠦᠨ ᠬᠤᠷᠠᠯ ᠳᠤ ᠣᠷᠣᠯᠴᠠᠵᠠᠢ᠃ ᠬᠤᠷᠠᠯ ᠠᠴᠠ ᠲᠦᠪ ᠤᠨ ᠦᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ︽︿ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ᠬᠠᠤᠯᠢ ᠬᠡᠷᠡᠭᠵᠢᠭᠦᠯᠦᠯᠲᠡ ᠬᠠᠤᠯᠢ ᠴᠠᠭᠠᠵᠠ ᠶᠢᠨ ᠬᠢᠵᠠᠭᠠᠷᠯᠠᠯ ᠬᠢᠨᠠᠯᠲᠠ ᠶᠢᠨ ᠲᠦᠷᠢᠮ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠪᠣᠯᠤᠨ ︽ᠡᠮᠴᠢᠯᠡᠭᠡᠨ ᠤ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ ᠵᠦᠶ ᠵᠣᠬᠢᠰᠲᠠᠶ ᠡᠮᠴᠢᠯᠡᠭᠡᠨ ᠤ ᠪᠠᠶᠢᠴᠠᠭᠠᠯᠲᠠ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ᠂ ᠬᠡᠰᠡᠭ ᠠᠶᠢᠮᠠᠭ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠪᠣᠯᠤᠨ ᠪᠥᠬᠦ ᠣᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
      ᠬᠤᠷᠠᠯ ᠠᠴᠠ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠶᠠᠮᠠᠷᠪᠠ ᠦᠭᠡᠷᠡᠴᠢᠯᠡᠯᠲᠡ ᠶᠢᠨ ᠡᠭᠦᠷᠭᠡ ᠪᠣᠯ ᠴᠥᠮ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠤᠨ ᠤ ᠡᠷᠬᠡᠪᠰᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ ᠮᠦᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠦᠨᠳᠦᠷᠴᠡ ᠠᠴᠠ ᠨᠢᠭᠡ ᠴᠤᠬᠴᠠᠵᠢᠭᠤᠯᠤᠨ ᠵᠢᠷᠤᠮᠯᠠᠵᠤ᠂ ᠡᠷᠡᠰ ᠲᠤᠭᠤᠰᠢᠯᠠᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠴᠢᠬᠤᠯᠠ ᠶᠡᠭᠡ ᠦᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠪ ᠠᠴᠠ ᠰᠢᠨ᠎ᠡ ᠪᠠᠷ ᠨᠡᠶᠢᠲᠡᠯᠡᠭᠰᠡᠨ ᠴᠢᠬᠤᠯᠠ ᠶᠡᠭᠡ ᠦᠭᠡᠷᠡᠴᠢᠯᠡᠯᠲᠡ ᠶᠢᠨ ᠲᠥᠰᠦᠯ ᠢ ᠴᠢᠩᠭ᠎ᠠ ᠠᠩᠬᠠᠷᠴᠤ᠂ ᠢᠵᠢ ᠪᠦᠷᠢᠳᠦᠭᠦᠯᠬᠦ ᠦᠭᠡᠷᠡᠴᠢᠯᠡᠯᠲᠡ ᠶᠢᠨ ᠪᠡᠯᠡᠳᠭᠡᠯ ᠠᠵᠢᠯ ᠢ ᠰᠠᠶᠢᠲᠤᠷ ᠬᠢᠵᠦ᠂ ᠨᠢᠭᠡᠨᠲᠡ ᠨᠡᠶᠢᠲᠡᠯᠡᠭᠰᠡᠨ ᠦᠭᠡᠷᠡᠴᠢᠯᠡᠯᠲᠡ ᠶᠢᠨ ᠲᠥᠰᠦᠯ ᠢ ᠮᠥᠷᠳᠡᠵᠦ ᠦᠷ᠎ᠡ ᠪᠦᠲᠦᠮᠵᠢ ᠶᠢ ᠰᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠦᠭᠡᠷᠡᠴᠢᠯᠡᠯᠲᠡ ᠶᠢᠨ ᠲᠥᠰᠦᠯ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠱᠠᠲᠤᠴᠢ ᠴᠢᠨᠠᠷᠲᠠᠶ ᠦᠨᠡᠯᠡᠨ ᠵᠢᠱᠢᠯᠲᠡ ᠬᠢᠬᠦ ᠭᠡᠷᠡᠭᠳᠠᠢ᠃ ᠥᠪᠡᠷᠲᠡᠭᠡᠨ ᠵᠠᠰᠠᠬᠤ ᠣᠷᠤᠨ ᠤ ᠴᠢᠬᠤᠯᠠ ᠶᠡᠭᠡ ᠬᠦᠭᠵᠢᠯᠲᠡ ᠶᠢᠨ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠣᠷᠴᠢᠯ ᠢ ᠬᠦᠯᠢᠶᠡᠰᠦᠯᠡᠵᠦ ᠪᠠᠶᠢᠭ᠎ᠠ ᠵᠠᠩᠭᠢᠯᠠᠭ᠎ᠠ ᠶᠢᠨ ᠲᠦᠭᠵᠢᠷᠡᠯ ᠢ ᠨᠡᠪᠲᠡᠷᠡᠭᠦᠯᠬᠦ᠂ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠶᠢ ᠬᠤᠪᠢᠷᠠᠭᠤᠯᠬᠤ ᠠᠷᠭ᠎ᠠ ᠵᠠᠮ ᠵᠡᠷᠭᠡ ᠴᠢᠬᠤᠯᠠ ᠶᠡᠭᠡ ᠠᠰᠠᠭᠤᠳᠠᠯ ᠢ ᠰᠦᠪᠡᠭᠴᠢᠯᠡᠵᠦ᠂ ᠭᠦᠨᠵᠡᠭᠡᠢ ᠰᠤᠳᠤᠯᠵᠤ᠂ ᠴᠢᠬᠤᠯᠠ ᠶᠡᠭᠡ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠢ ᠤᠷᠢᠳ ᠢᠶᠠᠷ ᠰᠠᠶᠢᠲᠤᠷ ᠰᠢᠢᠳᠪᠦᠷᠢᠯᠡᠵᠦ᠂ ᠦᠭᠡᠷᠡᠴᠢᠯᠡᠯᠲᠡ ᠶᠢᠨ ︽ᠨᠢᠭᠡ ᠶᠢ ᠨᠠᠶᠢᠳᠠᠪᠤᠷᠢᠵᠢᠭᠤᠯᠬᠤ︾ ᠪᠠᠷ ᠬᠦᠭᠵᠢᠯᠲᠡ ᠶᠢ ︽ᠪᠦᠬᠦᠨ ᠢ ᠠᠮᠢᠳᠤᠯᠢᠭ ᠪᠣᠯᠭᠠᠬᠤ︾ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠦᠨᠳᠦᠰᠦᠨ ᠱᠠᠲᠤᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠦᠨᠳᠦᠰᠦᠨ ᠱᠠᠲᠤᠨ ᠤ ᠦᠭᠡᠷᠡᠴᠢᠯᠡᠯᠲᠡ ᠶᠢᠨ ᠲᠤᠷᠰᠢᠯᠲᠠ ᠶᠢᠨ ᠴᠠᠭ ᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠭᠠᠵᠠᠷ ᠤᠨ ᠬᠢᠨ ᠤ ᠨᠠᠩ ᠣᠯᠠᠨ ᠤᠤᠭᠠᠯ ᠡᠭᠦᠳᠦᠯᠲᠡ ᠶᠢᠨ ᠴᠢᠨᠠᠷᠲᠠᠶ᠂ ᠵᠦᠷᠢᠶᠡᠴᠢᠯᠡᠭᠰᠡᠨ ᠦᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠭ ᠲᠡᠮᠳᠡᠭ ᠲᠣᠳᠣᠷᠬᠠᠶ ᠪᠠᠷ ᠦᠭᠡᠷᠡᠴᠢᠯᠡᠯᠲᠡ ᠶᠢ ᠠᠬᠢᠭᠤᠯᠤᠭᠴᠢ ᠶᠢ ᠳᠡᠮᠵᠢᠵᠦ᠂ ᠥᠭᠡᠷᠡᠴᠢᠯᠡᠯᠲᠡ ᠬᠢᠭᠡᠳ ᠢᠯᠠᠭᠳᠠᠭᠰᠠᠳ ᠢ ᠠᠭᠤᠴᠢᠯᠠᠨ ᠪᠠᠭᠲᠠᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠴᠢ ᠶᠢ ᠬᠥᠬᠢᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠲᠣᠭᠲᠠᠯ ᠬᠦᠴᠦᠨ ᠪᠠ ᠡᠷᠴᠢ ᠵᠣᠷᠢᠭ ᠢᠶᠠᠨ ᠭᠦᠢᠴᠡᠳ ᠪᠠᠲᠤᠯᠠᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠦ ᠴᠡᠷᠢᠭ ᠢᠶᠠᠨ ᠲᠠᠲᠠᠬᠤ ᠦᠭᠡᠢ ᠪᠠᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠦᠷᠦᠭᠦᠯᠡᠨ ᠬᠢᠬᠦ᠂ ᠡᠮᠦᠨ᠎ᠡ ᠨᠢ ᠵᠢᠯᠤᠭᠤᠳᠬᠤ᠂ ᠡᠮᠦᠨ᠎ᠡ ᠨᠢ ᠭᠠᠪᠰᠢᠭᠠᠶᠢᠯᠠᠬᠤ ᠪᠠᠷ ᠪᠠᠷᠠᠬᠤ ᠥᠬᠡᠶ᠂ ᠪᠠᠰᠠ ᠬᠠᠷᠢᠭᠤᠴᠠᠯᠭ᠎ᠠ ᠳᠠᠷᠤᠯᠲᠠ ᠶᠢ ᠡᠮᠦᠨ᠎ᠡ ᠹᠷᠣᠨᠲ ᠲᠤ ᠳᠠᠮᠵᠢᠭᠤᠯᠵᠤ᠂ ᠡᠴᠦᠰ ᠲᠤᠨᠢ ᠲᠤᠯᠲᠠᠯ᠎ᠠ ᠳᠠᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠦᠪᠰᠢᠶᠡᠷᠡᠬᠦ ᠲᠦᠷᠢᠮ ᠵᠡᠷᠭᠡ ᠦᠭᠡᠷᠡᠴᠢᠯᠡᠯᠲᠡ ᠶᠢᠨ ᠡᠭᠦᠷᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠤᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠦᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠠᠰ ᠳᠡᠪᠰᠢᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠮᠡᠳᠡᠭᠡ ᠵᠠᠩᠭᠢ ᠶᠢᠨ ᠥᠨᠥᠴᠢᠨ ᠠᠷᠠᠯ ᠢ ᠤᠰᠠᠳᠬᠠᠵᠤ᠂ ᠨᠠᠩ ᠣᠯᠠᠨ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠪᠣᠯᠤᠨ ᠠᠵᠤ ᠠᠬᠤᠶᠢᠯᠠᠯ ᠢ ᠳᠤᠲᠠᠭᠤ ᠭᠦᠶᠦᠯᠭᠡᠬᠦ ᠬᠡᠷᠡᠭᠲᠡᠶ᠃ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠨ ᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠡᠮᠬᠢᠯᠡᠨ ᠪᠦᠷᠢᠳᠭᠡᠵᠦ᠂ ᠣᠨ ᠤ ᠦᠨᠡᠯᠡᠯᠲᠡ ᠪᠠ ᠬᠢᠨᠠᠨ ᠰᠢᠯᠭᠠᠬᠤ ᠠᠵᠢᠯ ᠢ ᠨᠠᠷᠢᠨ ᠬᠢᠨᠠᠮᠠᠭᠠᠶ ᠦᠷᠨᠢᠭᠦᠯᠬᠦ ᠶᠢᠨ ᠬᠠᠮᠲᠤ ᠲᠡᠷᠢᠭᠦᠨ ᠤ ᠭᠠᠵᠠᠷ ᠣᠷᠤᠨ ᠢᠶᠠᠷ ᠪᠠᠷᠢᠮᠵᠢᠶᠠᠯᠠᠵᠤ᠂ ᠭᠤᠤᠯ ᠰᠢᠪᠲᠤᠯᠬᠤ ᠴᠢᠭᠯᠡᠯ ᠢᠶᠠᠨ ᠣᠨᠣᠪᠴᠢᠲᠠᠶ ᠣᠯᠵᠤ᠂ ᠢᠷᠡᠬᠦ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠢᠳᠡᠪᠬᠢᠲᠡᠶ ᠲᠥᠯᠥᠪᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ ᠨᠠᠩ ᠶᠡᠭᠡ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠡᠷᠴᠢᠮ ᠲᠠᠢ ᠭᠦᠨᠵᠡᠭᠡᠢ ᠬᠡᠷᠡᠭᠵᠢᠭᠦᠯᠵᠦ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠰᠢᠰᠲ᠋ᠧᠮ ᠲᠠᠢ ᠬᠤᠷᠠᠮᠠᠯ ᠢ ᠴᠢᠩᠭᠠᠳᠬᠠᠬᠤ ᠶᠢ ᠪᠠᠷᠢᠮᠲᠠᠯᠠᠵᠤ᠂ ᠲᠦᠪ ᠤᠨ ᠪᠠ ᠥᠪᠡᠷᠲᠡᠭᠡᠨ ᠵᠠᠰᠠᠬᠤ ᠣᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠤᠯᠤᠨ ᠠᠵᠤ ᠠᠬᠤᠢ᠂ ᠨᠡᠶᠢᠭᠡᠮ ᠵᠡᠷᠭᠡ ᠬᠦᠷᠢᠶᠡᠨ ᠤ ᠦᠭᠡᠷᠡᠴᠢᠯᠡᠯᠲᠡ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠠᠩ ᠭᠠᠭᠴᠠ ᠦᠭᠡᠷᠡᠴᠢᠯᠡᠯᠳᠠ ᠶᠢ ᠠᠬᠢᠭᠤᠯᠬᠤ᠂ ᠡᠭᠦᠨ ᠢ ᠨᠢ ᠬᠠᠷᠠᠭᠠᠯᠵᠠᠪᠠᠯ ᠲᠡᠭᠦᠨ ᠢ ᠨᠢ ᠠᠯᠳᠠᠬᠤ ᠪᠠ ᠦᠭᠡᠷᠡᠴᠢᠯᠡᠯᠲᠡ ᠶᠢᠨ ᠬᠡᠰᠡᠭ ᠪᠤᠰᠠᠭ ᠪᠣᠯᠬᠤ ᠶᠢ ᠰᠡᠷᠭᠡᠶᠢᠯᠡᠬᠦ ᠬᠡᠷᠡᠭᠲᠡᠢ᠃ ᠭᠤᠣᠯ ᠵᠥᠷᠢᠴᠡᠯ ᠢ ᠠᠳᠬᠤᠵᠤ᠂ ᠭᠤᠣᠯᠳᠠᠯᠭ᠎ᠠ ᠲᠠᠢ ᠰᠢᠪᠲᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠲᠣᠭᠲᠠᠴᠠ ᠶᠢ ᠪᠦᠷᠢᠨᠰᠢᠭᠦᠯᠵᠦ᠂ ᠣᠷᠤᠨ ᠤ ᠭᠠᠳᠠᠨᠠᠬᠢ ᠰᠢᠨ᠎ᠡ ᠶᠢ ᠡᠭᠦᠳᠬᠦ ᠦᠨᠳᠦᠷᠯᠢᠭ ᠢ ᠠᠰᠢᠭᠯᠠᠨ ᠮᠠᠨ ᠤ ᠣᠷᠤᠨ ᠤ ᠰᠢᠨ᠎ᠡ ᠶᠢ ᠡᠭᠦᠳᠬᠦ ᠬᠦᠭᠵᠢᠯᠲᠡ ᠶᠢ ᠳᠠᠶᠢᠴᠢᠯᠠᠬᠤ ᠬᠡᠷᠡᠭᠲᠡᠢ᠃ ᠴᠢᠳᠠᠪᠤᠷᠢᠲᠠᠨ ᠤ ᠬᠦᠭᠵᠢᠯᠲᠡ ᠶᠢᠨ ᠪᠠᠢᠭᠤᠯᠤᠮᠵᠢ ᠲᠣᠭᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠲᠠᠨᠢᠬᠤ᠂ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠬᠦᠨᠳᠦᠳᠭᠡᠬᠦ᠂ ᠴᠢᠳᠠᠪᠤᠷᠢᠲᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠭᠡᠷᠡᠭᠲᠡᠢ᠃ ᠲᠤᠷᠰᠢᠯᠲᠠ ᠶᠢᠨ ᠴᠠᠭ ᠤᠨ ᠵᠢᠱᠢᠶ᠎ᠡ ᠦᠵᠡᠭᠦᠯᠬᠦ ᠶᠢ ᠴᠢᠬᠤᠯᠠᠴᠢᠯᠠᠵᠤ᠂ ᠬᠥᠲᠥᠯᠥᠨ ᠳᠠᠭᠠᠭᠤᠯᠵᠤ ᠳᠠᠶᠢᠴᠢᠯᠠᠬᠤ ᠶᠢ ᠴᠢᠩᠭᠠᠳᠬᠠᠵᠤ᠂

︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾᠂ ︽ᠮᠣᠷᠢ ᠤᠷᠤᠯᠳᠤᠬᠤ︾ ᠵᠡᠷᠭᠡ ᠲᠣᠭᠲᠠᠴᠠ ᠶᠢ ᠰᠦᠪᠡᠭᠴᠢᠯᠡᠨ ᠳᠡᠯᠭᠡᠷᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠭᠦᠢᠴᠡᠳ ᠠᠰᠢᠭᠯᠠᠨ ᠴᠢᠬᠤᠯᠠ ᠬᠦᠷᠢᠶ᠎ᠡ ᠪᠣᠯᠤᠨ ᠪᠣᠭᠤᠮᠢ ᠬᠦᠯᠢᠶᠡᠰᠦᠯᠡᠯ ᠲᠠᠢ ᠭᠤᠭᠴᠤᠭ᠎ᠠ ᠳᠤ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠦ᠂ ᠰᠢᠨᠵᠢᠯᠡᠬᠦ ᠤᠬᠠᠭᠠᠨ ᠤ ᠰᠣᠳᠤᠯᠭᠠᠨ ᠤ ᠠᠵᠢᠯᠲᠠᠨ ᠳᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ᠂ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠣᠳᠤᠯᠭᠠᠨ ᠤ ᠪᠠᠭᠠᠵᠢ ᠬᠡᠷᠡᠭᠰᠡᠯ ᠢ ᠨᠡᠭᠡᠭᠡᠯᠲᠡᠲᠡᠶ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠠᠮᠢᠶᠠᠷᠤᠯᠲᠠ ᠶᠢᠨ ︽ᠰᠠᠭᠠᠳ ᠥᠬᠡᠶ ᠨᠡᠪᠲᠡᠷᠡᠬᠦ ᠵᠠᠮ︾᠂ ᠲᠥᠷᠥᠯ ᠵᠦᠢᠯ ᠤᠨ ᠵᠠᠷᠤᠳᠠᠯ ᠢ ᠬᠡᠷᠡᠭᠯᠡᠬᠦ ︽ᠳᠠᠭᠠᠭᠠᠴᠢᠯᠠᠯᠲᠠ ᠶᠢᠨ ᠲᠦᠷᠢᠮ︾ ᠵᠡᠷᠭᠡ ᠦᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠦᠨ ᠥᠷᠭᠡᠳᠭᠡᠵᠦ᠂ ᠰᠢᠨ᠎ᠡ ᠶᠢ ᠡᠭᠦᠳᠬᠦ ᠳᠠᠯᠳᠠ ᠬᠦᠴᠦᠨ ᠠᠮᠢᠵᠢᠷᠠᠯ ᠤᠨ ᠬᠦᠴᠦᠨ ᠬᠦᠳᠡᠯᠭᠡᠬᠦ ᠬᠦᠴᠦᠨ ᠢ ᠲᠠᠰᠤᠷᠠᠯᠳᠠ ᠦᠭᠡᠢ ᠬᠦᠭᠵᠢᠭᠡᠬᠦ ᠭᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠤᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ