ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠬᠰᠢᠳᠠ ᠲᠣᠬᠢᠷᠠᠭᠤᠯᠤᠨ ᠪᠠᠶᠢᠷᠢᠯᠠᠭᠤᠯᠵᠤ ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠠᠵᠤ ᠠᠬᠤᠶ ᠶᠢᠨ ᠠᠵᠢᠯ ᠢ ᠵᠠᠳᠠᠯᠤᠨ ᠰᠤᠳᠤᠯᠪᠠ
ᠨᠡᠶᠢᠲᠡᠯᠡᠭᠰᠡᠨ ᠴᠠᠭ᠄
2021/10/22

      10 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠴᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠴᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠭᠢᠬᠦᠢ ᠪᠠ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠮᠢᠳᠤ ᠪᠣᠳᠠᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠮᠢᠳᠤ ᠪᠣᠳᠠᠰ ᠤᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠪᠦᠷᠢᠨᠰᠢᠬᠦᠯᠵᠤ᠂ ᠠᠮᠢᠳᠤ ᠪᠣᠳᠠᠰ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠬᠦᠷᠢᠶ᠎ᠡ ᠶᠢ ᠠᠩᠬᠠᠷᠤᠨ ᠴᠢᠩᠭ᠎ᠠ ᠠᠳᠬᠤᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢᠯᠠᠭᠰᠠᠨ᠂ ᠰᠢᠰᠲ᠋ᠧᠮᠴᠢᠯᠡᠭᠰᠡᠨ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠮᠢᠳᠤ ᠪᠣᠳᠠᠰ ᠤᠨ ᠠᠮᠤᠷ ᠲᠦᠪᠰᠢᠨ ᠤ ᠰᠠᠭᠤᠷᠢ ᠰᠤᠳᠤᠯᠭᠠᠨ ᠪᠣᠯᠣᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠮᠠᠨ ᠤ ᠣᠷᠣᠨ ᠤ ᠠᠮᠢᠳᠤ ᠪᠣᠳᠠᠰ ᠤᠨ ᠠᠮᠤᠷ ᠲᠦᠪᠰᠢᠨ ᠤ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠰᠤᠷᠠᠯᠲᠠ ᠥᠬᠡᠶ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠦᠬᠦ ᠤᠯᠤᠰ ᠤᠨ ᠨᠠᠰᠤᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠰᠤᠵᠢᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠥᠨᠳᠥᠷᠴᠡ ᠠᠴᠠ ᠨᠠᠰᠤᠵᠢᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠬᠤᠯᠪᠣᠭᠳᠠᠯ ᠪᠦᠬᠦᠢ ᠲᠥᠯᠥᠪᠵᠢᠭᠦᠯᠭᠡ ᠵᠢᠴᠢ ᠢᠵᠢ ᠪᠦᠷᠢᠳᠦᠬᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠰᠤᠳᠤᠯᠤᠨ ᠲᠣᠭᠲᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ᠂ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠰᠢᠰᠲ᠋ᠧᠮ ᠢ ᠲᠦᠷᠭᠡᠳᠭᠡᠨ ᠪᠦᠷᠢᠨᠰᠢᠬᠦᠯᠵᠤ᠂ ᠮᠠᠨ ᠤ ᠣᠷᠣᠨ ᠤ ᠨᠠᠰᠤᠵᠢᠯ ᠤᠨ ᠦᠢᠯᠡᠰ ᠤᠨ ᠪᠦᠬᠦ ᠲᠠᠯ᠎ᠠ ᠪᠠᠷ ᠵᠣᠬᠢᠴᠠᠩᠭᠤᠢ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠣᠨᠣᠰᠢᠯᠠᠭᠰᠠᠨ ᠡᠪᠡᠳᠴᠢᠲᠡᠨ ᠢ ᠪᠦᠬᠦ ᠬᠦᠴᠦ ᠪᠠᠷ ᠢᠶᠠᠨ ᠠᠪᠤᠷᠠᠨ ᠡᠮᠨᠡᠵᠦ᠂ ᠬᠢᠵᠢᠭ ᠢ ᠰᠡᠷᠭᠡᠶᠢᠯᠡᠬᠦ ᠬᠦᠴᠦᠨ ᠪᠣᠯᠤᠨ ᠡᠬᠢ ᠪᠠᠶᠠᠯᠢᠭ ᠢ ᠢᠳᠡᠪᠬᠢᠲᠡᠢ ᠲᠤᠬᠢᠷᠠᠭᠤᠯᠵᠤ᠂ ᠬᠢᠵᠢᠭ ᠡᠪᠡᠳᠴᠢᠨ ᠤ ᠪᠠᠶᠢᠴᠠᠭᠠᠯᠲᠠ ᠡᠬᠢ ᠰᠤᠷᠪᠤᠯᠵᠢ ᠶᠢᠨ ᠮᠥᠷᠳᠡᠯᠲᠡ ᠪᠠ ᠲᠤᠰᠠᠭᠠᠷᠯᠠᠨ ᠬᠠᠮᠢᠶᠠᠷᠴᠤ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠡᠷᠢᠶᠡᠨ ᠬᠤᠳᠠ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠡᠷᠡᠰ ᠲᠠᠰᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠮᠠᠨ ᠤ ᠣᠷᠣᠨ ᠳᠤ ᠢᠷᠡᠵᠤ ᠪᠤᠴᠠᠬᠤ ᠬᠥᠮᠦᠰ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠣᠭᠤᠮᠲᠠ ᠶᠢ ᠡᠷᠡᠰ ᠰᠠᠶᠢᠲᠤᠷ ᠰᠠᠬᠢᠵᠤ᠂ ᠣᠯᠠᠨ ᠤᠯᠤᠰ ᠤᠨ ᠵᠢᠰᠢᠶᠠᠨ ᠤ ᠨᠢᠰᠭᠡᠯ ᠢ ᠰᠢᠢᠳᠪᠦᠷᠢᠯᠡᠬᠦ᠂ ᠬᠢᠯᠢ ᠶᠢᠨ ᠪᠣᠭᠤᠮᠲᠠ ᠶᠢ ᠬᠠᠮᠢᠶᠠᠷᠤᠨ ᠡᠵᠡᠮᠳᠡᠬᠦ᠂ ᠭᠠᠳᠠᠭᠠᠳᠤ ᠠᠴᠠ ᠣᠷᠣᠭᠤᠯᠬᠤ ᠬᠦᠢᠳᠡᠨ ᠢᠶᠠᠷ ᠵᠥᠭᠡᠭᠡᠪᠦᠷᠢᠯᠡᠬᠦ ᠢᠳᠡᠭᠡᠨ ᠪᠠ ᠬᠦᠢᠲᠡᠨ ᠢᠶᠠᠷ ᠵᠥᠭᠡᠭᠡᠪᠦᠷᠢᠯᠡᠬᠦ ᠪᠤᠰᠤ ᠪᠠᠷᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠬᠠᠮᠢᠶᠠᠷᠬᠤ ᠬᠡᠷᠡᠭᠲᠡᠢ᠃ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠶᠢ ᠴᠢᠩᠭᠠᠳᠬᠠᠵᠤ᠂ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠴᠢᠲᠠᠶ ᠨᠡᠶᠢᠲᠡᠯᠡᠵᠦ᠂ ᠡᠯ᠎ᠡ ᠵᠦᠢᠯ ᠤᠨ ᠠᠷᠭᠠᠴᠠᠭᠠᠨ ᠰᠢᠢᠳᠪᠦᠷᠢᠯᠡᠬᠦ ᠠᠵᠢᠯ ᠢ ᠬᠦᠴᠦᠲᠡᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠮᠠᠨ ‍ᠤ‌ᠤᠷᠣᠨ ᠤ ᠲᠦᠷᠦᠭᠦᠦ ᠭᠤᠷᠪᠠᠨ ᠵᠢᠯ ᠤᠨ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠢᠱᠢᠯᠲᠡ ᠲᠠᠢ ᠨᠡᠶᠢᠴᠡᠵᠦ ᠪᠠᠶᠢᠬᠤ ᠶᠢᠨ ᠬᠠᠮᠲᠤ ᠠᠵᠤ ᠠᠬᠤᠶ ᠶᠢᠨ ᠰᠡᠷᠭᠦᠯᠲᠡ ᠪᠠᠰᠠ ᠲᠣᠭᠲᠠᠭᠤᠨ ᠪᠤᠰᠤ᠂ ᠲᠡᠩᠴᠡᠭᠦᠷᠢ ᠥᠬᠡᠶ ᠪᠠᠶᠢᠵᠤ᠂ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠮᠥᠨ ᠬᠦ ᠨᠡᠮᠡᠭᠳᠡᠵᠦ ᠪᠠᠶᠢᠨ᠎ᠠ᠃

      ᠣᠳᠣᠬᠠᠨ ᠤ ᠠᠵᠤ ᠠᠬᠤᠢ ᠶᠢᠨ ᠪᠠᠶᠢᠳᠠᠯ ᠢ ᠵᠥᠪ ᠲᠠᠨᠢᠵᠤ᠂ ᠣᠨᠣᠪᠴᠢᠲᠠᠢ ᠡᠵᠡᠮᠳᠡᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠲᠦᠴᠡ ᠶᠢᠨ ᠴᠢᠨᠠᠷᠲᠠᠢ ᠵᠥᠷᠢᠴᠡᠯ ᠪᠣᠯᠤᠨ ᠪᠣᠭᠤᠮᠢ ᠬᠢᠵᠠᠭᠠᠷᠯᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠤᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠤᠯᠭᠠᠬᠤ ᠶᠢ ᠪᠣᠳᠠᠲᠠᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠤᠯᠢ ᠲᠣᠭᠲᠠᠭᠠᠯ ᠶᠣᠰᠣᠭᠠᠷ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠬᠥᠭᠵᠢᠭᠡᠵᠦ᠂ ᠡᠨᠧᠷᠭᠢ ᠶᠢᠨ ᠲᠣᠭᠲᠠᠭᠤᠨ ᠨᠠᠶᠢᠳᠠᠪᠤᠷᠢᠲᠠᠢ ᠬᠠᠩᠭᠠᠯᠭ᠎ᠠ ᠶᠢ ᠪᠦᠬᠦ ᠬᠦᠴᠦ ᠪᠠᠷ ᠢᠶᠠᠨ ᠪᠠᠲᠤᠯᠠᠬᠤ ᠪᠠᠷ ᠪᠠᠷᠠᠬᠤ ᠦᠭᠡᠢ ᠪᠠᠰᠠ ᠠᠮᠢ ᠠᠬᠤᠢ ᠶᠢᠨ ᠤᠯᠠᠭᠠᠨ ᠱᠤᠭᠤᠮ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢ ᠡᠪᠳᠡᠵᠦ ᠵᠡᠷᠯᠢᠭ ᠪᠠᠯᠠᠮᠠᠳ ᠮᠠᠶ᠋ᠢᠭ ᠢᠶᠠᠷ ᠦᠢᠯᠡᠳᠪᠦᠷᠢᠯᠡᠯ ᠢᠶᠠᠨ ᠨᠡᠮᠡᠭᠳᠡᠭᠦᠯᠦᠨ ᠨᠡᠭᠡᠭᠡᠨ ᠬᠥᠭᠵᠢᠭᠦᠯᠬᠦ ᠶᠢ ᠴᠢᠩᠭ᠎ᠠ ᠴᠠᠭᠠᠵᠠᠯᠠᠵᠤ᠂ ᠰᠣᠬᠤᠷ ᠪᠠᠯᠠᠢ ᠪᠠᠷ ᠦᠢᠯᠡᠳᠪᠤᠷᠢᠯᠡᠯ ᠤᠨ ᠴᠢᠳᠠᠪᠤᠷᠢ ᠪᠠᠨ ᠥᠷᠭᠡᠳᠭᠡᠨ ᠭᠠᠷᠤᠯᠳᠠ ᠪᠠᠨ ᠨᠡᠮᠡᠭᠳᠡᠭᠦᠯᠬᠦ ᠠᠴᠠ ᠪᠤᠯᠵᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ ᠬᠡᠯᠪᠡᠷᠢ ᠪᠠᠨ ᠬᠤᠪᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠬᠤ᠂ ᠠᠷᠪᠢᠯᠠᠬᠤ ᠶᠢ ᠨᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠠᠶᠢᠵᠠᠮ ᠪᠣᠯᠤᠨ ᠡᠷᠴᠢᠮ ᠢ ᠰᠠᠶᠢᠲᠤᠷ ᠡᠵᠡᠮᠳᠡᠵᠦ᠂ ︽ᠨᠢᠭᠡ ᠯᠡ ᠠᠳᠠᠯᠢ ᠪᠠᠷ ᠱᠠᠭᠠᠷᠳᠠᠵᠤ︾ ᠦᠢᠯᠡᠳᠪᠦᠷᠢᠯᠡᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠬᠢᠵᠠᠭᠠᠷᠯᠠᠬᠤ ᠪᠤᠶᠤ ︽ᠶᠤᠰᠤ ᠶᠢᠨ ᠲᠡᠳᠤᠢ︾ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠤᠮᠳᠠ ᠪᠠᠭ᠎ᠠ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠳᠤᠮᠳᠠ ᠪᠠᠭ᠎ᠠ ᠠᠵᠤ ᠠᠬᠤᠶᠢᠯᠠᠯ ᠤᠨ ᠳᠣᠲᠣᠷ ᠲᠠᠮᠢᠷ ᠢᠶᠠᠨ ᠬᠠᠲᠠᠭᠤᠵᠢᠯᠲᠠᠶ ᠪᠣᠯᠪᠠᠰᠤᠷᠠᠭᠤᠯᠬᠤ᠂ ᠰᠢᠨ᠎ᠡ ᠶᠢ ᠡᠭᠦᠳᠬᠦ ᠶᠢ ᠴᠢᠩᠭᠠᠳᠬᠠᠬᠤ᠂ ᠠᠮᠢᠵᠢᠷᠠᠯ ᠤᠨ ᠬᠦᠴᠦᠨ ᠢᠶᠠᠨ ᠨᠡᠮᠡᠭᠳᠡᠬᠦᠯᠬᠦ ᠶᠢ ᠬᠥᠲᠥᠯᠥᠨ ᠵᠢᠯᠣᠭᠤᠳᠴᠤ ᠠᠬᠢᠭᠤᠯᠬᠤ ᠬᠡᠷᠡᠭᠲᠡᠶ᠃ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠡᠯ᠎ᠡ ᠲᠥᠷᠥᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠴᠢᠨᠠᠷ ᠰᠠᠶᠢᠲᠠᠶ ᠲᠥᠷᠥᠯ ᠵᠦᠢᠯ ᠤᠨ ᠨᠥᠭᠡᠴᠡ ᠶᠢ ᠰᠠᠶᠢᠲᠤᠷ ᠠᠳᠬᠤᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠦᠴᠦᠲᠡᠶ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠰᠦᠯᠵᠢᠶ᠎ᠡ ᠪᠠᠷ ᠨᠡᠶᠢᠳᠡᠮ ᠬᠠᠮᠢᠶᠠᠷᠬᠤ︾ ᠶᠢ ᠲᠦᠷᠭᠡᠳᠭᠡᠨ ᠪᠡᠶᠡᠯᠡᠭᠦᠯᠵᠦ᠂ ᠲᠦᠭᠵᠢᠷᠡᠯ᠂ ᠬᠦᠴᠢᠷᠳᠡᠯ᠂ ᠪᠤᠭᠤᠮᠢ ᠨᠢᠭᠡᠪᠦᠷᠢ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠢ ᠨᠠᠮᠳᠠᠭᠠᠨ᠂ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠲᠦᠷᠦᠯ ᠵᠦᠢᠯ ᠤᠨ ᠨᠠᠷᠢᠨ ᠲᠠᠩᠰᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ 2020 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠢᠴᠢᠯᠠᠯᠲᠠ ᠶᠢᠨ ᠪᠦᠬᠦ ᠲᠠᠯ᠎ᠠ ᠳᠤᠮᠳᠠᠬᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠶᠢ ᠭᠦᠨᠵᠡᠭᠡᠢ ᠲᠠᠨᠢᠵᠤ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠭᠡ ᠲᠠᠯ᠎ᠠ ᠳᠤᠮᠳᠠᠬᠢ ᠥᠪᠥᠷ ᠮᠣᠩᠭᠤᠯ ᠤᠨ ᠴᠢᠬᠤᠯᠠ ᠦᠢᠯᠡᠳᠦᠯ ᠢ ᠭᠦᠨᠵᠡᠭᠡᠢ ᠲᠠᠨᠢᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠠᠰᠠᠭᠤᠳᠠᠯ ᠢ ᠭᠦᠨᠵᠡᠭᠡᠶ ᠲᠤᠩᠭᠠᠨ ᠪᠤᠳᠤᠵᠤ᠂ ᠭᠡᠮ ᠠᠷᠬᠠᠬ ᠳᠤᠲᠠᠭᠤᠳᠠᠯ ᠢᠶᠠᠨ ᠣᠨᠣᠪᠴᠢᠲᠠᠶ ᠡᠷᠢᠵᠦ᠂ ᠨᠢᠭᠡ ᠠᠴᠠ ᠨᠥᠭᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠥᠲᠥᠭᠡᠨ ᠪᠠᠶᠢᠭᠤᠯᠬᠤ ᠣᠨ ᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠭᠤᠤᠯ ᠲᠤᠭ᠎ᠠ ᠪᠠᠷᠢᠮᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ