ᠲᠦᠪ ᠤᠨ ᠳᠦᠷᠪᠡᠳᠤᠬᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠬᠦᠬᠡᠬᠤᠳᠠ ᠳᠤ ᠭᠦᠨᠵᠡᠭᠡᠶᠢᠷᠡᠵᠦ ᠤᠯᠤᠰ ᠳᠦᠷᠦ ᠬᠠᠤᠯᠢ ᠴᠠᠭᠠᠵᠠ ᠶᠢᠨ ᠡᠩᠨᠡᠭᠡ ᠶᠢᠨ ᠬᠦᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠥ ᠱᠠᠯᠠᠪᠳᠠᠭᠤᠯᠤᠨ ᠵᠢᠯᠤᠭᠤᠳᠪᠠ  ᡁᠢ ᠱᠦ ᠫᠢᠩ ᠱᠠᠯᠠᠪᠳᠠᠭᠤᠯᠤᠨ ᠵᠢᠯᠤᠭᠤᠳᠬᠤ ᠳᠤ ᠤᠷᠤᠯᠴᠠᠬᠰᠠᠨ ᠪᠦᠬᠡᠳ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2021/10/22

      10 ᠰᠠᠷ᠎ᠠ ᠶᠢᠨ 20 ᠤ ᠡᠳᠤᠷ᠂ ᠪᠦᠬᠦ ᠤᠯᠤᠰ ᠤᠨ ᠤᠯᠤᠰ ᠳᠦᠷᠦ ᠬᠠᠤᠯᠢ ᠴᠠᠭᠠᠵᠠ ᠶᠢᠨ ᠡᠩᠨᠡᠭᠡ ᠶᠢᠨ ᠬᠦᠮᠦᠵᠢᠯ ᠴᠡᠭᠴᠡᠯᠡᠯᠲᠡ ᠶᠢᠨ ᠲᠦᠪ ᠤᠨ ᠳᠦᠷᠪᠡᠳᠤᠬᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᡁᠢ ᠱᠦ ᠫᠢᠩ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠢ ᠳᠠᠭᠠᠭᠤᠯᠤᠨ ᠬᠦᠬᠡᠬᠤᠳᠠ ᠳᠤ ᠭᠦᠨᠵᠡᠭᠡᠶᠢᠷᠡᠵᠦ ᠤᠯᠤᠰ ᠳᠦᠷᠦ ᠬᠠᠤᠯᠢ ᠴᠠᠭᠠᠵᠠ ᠶᠢᠨ ᠡᠩᠨᠡᠭᠡ ᠶᠢᠨ ᠬᠦᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠥ ᠱᠠᠯᠠᠪᠳᠠᠭᠤᠯᠤᠨ ᠵᠢᠯᠤᠭᠤᠳᠤᠬᠰᠠᠨ ᠪᠦᠬᠡᠳ ᠠᠵᠢᠯ ᠤᠨ ᠬᠠᠷᠢᠭᠤ ᠮᠡᠳᠡᠬᠦᠯᠦᠯᠳᠡ ᠶᠢᠨ ᠬᠤᠷᠠᠯ ᠬᠤᠷᠠᠯᠳᠤᠭᠤᠯᠪᠠ᠃ ᠲᠦᠪ ᠤᠨ ᠳᠦᠷᠪᠡᠳᠤᠬᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠹᠠᠨ ᠰᠢᠦᠢ ᠶᠢᠨ ᠱᠠᠯᠠᠪᠳᠠᠭᠤᠯᠤᠨ ᠵᠢᠯᠤᠭᠤᠳᠬᠤ ᠳᠤ ᠤᠷᠤᠯᠴᠠᠵᠠᠢ᠃ ᠦᠪᠡᠷᠳᠡᠬᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠱᠠᠯᠠᠪᠳᠠᠭᠤᠯᠤᠨ ᠵᠢᠯᠤᠭᠤᠳᠬᠤ ᠳᠤ ᠤᠷᠤᠯᠴᠠᠬᠰᠠᠨ ᠪᠦᠬᠡᠳ ᠤᠪᠤᠷ ᠢᠶᠠᠨ ᠢᠯᠡᠳᠬᠡᠬᠦ ᠦᠭᠡ ᠬᠡᠯᠡᠪᠡ᠃
      ᡁᠢ ᠱᠦ ᠫᠢᠩ ᠨᠡᠷ ᠤᠷᠢᠳ ᠬᠤᠵᠢᠳ ᠬᠦᠬᠡᠬᠤᠳᠠ ᠶᠢᠨ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠬᠤᠳᠠ ᠶᠡᠭᠡ ᠠᠩᠭᠢ ᠶᠢᠨ ᠰᠢᠨᠬᠤᠸᠠ ᠬᠤᠶᠠᠳᠤᠭᠠᠷ ᠪᠠᠶᠢᠷᠢ᠂ ᠵᠦᠩ ᠵᠤᠸᠠᠨ ᠵᠠᠮ ᠤᠨ ᠲᠣᠮᠢᠯᠡᠭᠰᠠᠨ ᠰᠠᠯᠪᠤᠷᠢ᠂ ᠬᠦᠬᠡᠬᠤᠳᠠ ᠶᠢᠨ ᠳᠤᠲᠤᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠬᠤ᠂ ᠡᠬᠡ ᠳᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠲᠠᠢ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠦᠬᠡᠬᠤᠳᠠ ᠶᠢᠨ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠭᠰᠡᠨ ᠪᠠᠶᠢᠳᠠᠯ᠂ ᠬᠠᠤᠯᠢ ᠳᠤ ᠬᠤᠯᠪᠤᠭᠳᠠᠭᠰᠠᠨ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ︽ᠶᠡᠭᠡ ᠬᠢᠴᠢᠶᠡᠯ ᠨᠦᠬᠦᠭᠰᠡᠨ︾ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠵᠤ ᠣᠢᠯᠠᠭᠠᠪᠠ᠃ ᡁᠢ ᠱᠦ ᠫᠢᠩ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ ᠨᠢᠭᠡᠴᠢ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠭᠦᠢᠴᠡᠳ ᠨᠤᠲᠠᠯᠡᠭᠰᠠᠨ ᠪᠥᠭᠡᠳ ᠡᠭᠦᠨ ᠤ ᠲᠠᠷᠠᠭ᠎ᠠ ᠬᠤᠷᠠᠯᠳᠤᠭᠤᠯᠤᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠠᠤᠯᠢ ᠳᠤ ᠬᠤᠯᠪᠤᠭᠳᠠᠭᠰᠠᠨ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠲᠥᠪᠯᠡᠷᠡᠭᠦᠯᠦᠨ ᠦᠨᠡᠯᠡᠨ ᠪᠠᠶᠢᠴᠠᠭᠠᠵᠤ ᠰᠢᠢᠳᠪᠦᠷᠢᠯᠡᠬᠦ ᠲᠤᠰᠬᠠᠢ ᠠᠵᠢᠯᠯᠠᠭ᠎ᠠ ᠳᠤ ᠲᠤᠰᠬᠠᠢ ᠰᠡᠳᠦᠪᠲᠦ ᠪᠠᠶᠢᠷᠢᠯᠠᠭᠤᠯᠤᠯᠲᠠ ᠬᠢᠵᠡᠢ᠃
      ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠤᠭᠰᠠᠨ ᠤ ᠳᠠᠷᠠᠭ᠎ᠠ᠂ ᡁᠢ ᠱᠦ ᠫᠢᠩ᠂ ᠣᠳᠤᠬᠠᠨ ᠳᠤ᠂ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠨᠢᠭᠡᠨᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠭᠤᠭᠴᠤᠭ᠎ᠠ ᠳᠤ ᠣᠷᠣᠪᠠ᠂ ᠪᠥᠬᠦ ᠣᠷᠤᠨ ᠤ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠶᠢ ᠤᠷᠲᠤᠳᠬᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠠᠵᠢᠯ ᠢᠶᠠᠨ ᠬᠦᠴᠦᠯᠡᠨ ᠰᠠᠶᠢᠲᠤᠷ ᠬᠢᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ᠂ ᠳᠦᠷᠢᠮᠵᠢᠭᠦᠯᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠶᠢᠬᠤ ᠪᠠᠨ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠶᠢ ᠰᠤᠯᠠᠷᠠᠭᠤᠯᠤᠯ ᠦᠭᠡᠢ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠰᠤᠯᠠᠷᠠᠭᠤᠯᠤᠯ ᠦᠭᠡᠢ᠂ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠬᠦ ᠶᠢ ᠰᠤᠯᠠᠷᠠᠭᠤᠯᠤᠯ ᠦᠭᠡᠢ᠂ ᠠᠷᠬᠠᠭ ᠭᠡᠮ ᠢ ᠴᠡᠭᠴᠡᠯᠡᠨ ᠵᠠᠰᠠᠬᠤ ᠶᠢ ᠰᠤᠯᠠᠷᠠᠭᠤᠯᠤᠯ ᠦᠭᠡᠢ᠂ ᠡᠩᠨᠡᠭᠡᠨ ᠤ ᠪᠠᠶᠢᠭᠤᠯᠤᠯᠲᠠ ᠶᠢ ᠰᠤᠯᠠᠷᠠᠭᠤᠯᠤᠯ ᠦᠭᠡᠢ ᠬᠢᠬᠦ ᠬᠡᠷᠡᠭᠲᠡᠢ᠃ ︽ᠣᠳᠣᠬᠠᠨ ᠳᠤ ᠵᠠᠰᠠᠬᠤ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠨᠢᠭᠡᠳᠦᠯᠲᠡᠢ ᠲᠥᠯᠥᠪᠵᠢᠭᠦᠯᠵᠦ᠂ ᠲᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠵᠠᠰᠠᠬᠤ ᠪᠠᠶᠢᠭᠤᠯᠬᠤ ᠶᠢ ᠵᠡᠷᠭᠡ ᠪᠠᠷ ᠠᠳᠬᠤᠵᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠤᠷᠳᠤ ᠬᠤᠭᠤᠴᠠᠭ᠎ᠠ ᠪᠠᠷ ᠵᠠᠰᠠᠬᠤ ᠶᠢ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠠᠵᠢᠯᠯᠠᠭ᠎ᠠ ᠲᠠᠢ ᠤᠶᠠᠯᠳᠤᠭᠤᠯᠵᠤ᠂ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠤ ᠶᠢ ᠮᠡᠳᠡᠷᠡᠭᠦᠯᠬᠦ ᠪᠠᠷ ᠴᠢᠷᠮᠠᠶᠢᠬᠤ ᠶᠢᠨ ᠬᠠᠮᠲᠤ ᠳᠣᠲᠤᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠶᠢ ᠬᠠᠯᠠᠮᠵᠢᠯᠠᠨ ᠬᠠᠶᠢᠷᠠᠯᠠᠵᠤ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
      ᡁᠢ ᠱᠦ ᠫᠢᠩ᠂ ᠬᠠᠤᠯᠢ ᠳᠤ ᠬᠤᠯᠪᠤᠭᠳᠠᠬᠤ ᠵᠠᠷᠭᠤ ᠳᠤ ᠬᠤᠯᠪᠤᠭᠳᠠᠬᠤ ᠵᠠᠬᠢᠳᠠᠯ ᠰᠤᠷᠪᠤᠯᠵᠢᠯᠠᠯ ᠤᠨ ᠬᠡᠷᠡᠭ ᠢ ᠲᠥᠪᠯᠡᠷᠡᠭᠦᠯᠦᠨ ᠦᠨᠡᠯᠡᠨ ᠪᠠᠶᠢᠴᠠᠭᠠᠵᠤ ᠰᠢᠢᠳᠪᠦᠷᠢᠯᠡᠬᠦ ᠲᠤᠰᠬᠠᠢ ᠠᠵᠢᠯᠯᠠᠭ᠎ᠠ ᠪᠣᠯ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠤᠯᠤᠰ ᠤᠨ ᠵᠠᠰᠠᠯᠲᠠ ᠳᠤ ᠣᠷᠣᠯᠴᠠᠬᠤ ︵ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠪᠠᠰᠠ ᠬᠥᠮᠦᠵᠢᠭᠦᠯᠦᠨ ᠴᠡᠭᠴᠡᠯᠡᠭᠰᠡᠨ ᠦᠷ᠎ᠡ ᠪᠦᠲᠦᠭᠡᠯ ᠢ ᠪᠠᠬᠢᠵᠢᠭᠦᠯᠬᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠥᠬᠦ ᠣᠷᠤᠨ ᠤ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠰᠡᠷᠭᠡᠭ ᠢᠶᠠᠷ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠡᠭᠦᠨ ᠢ ᠨᠢᠭᠡ ᠵᠦᠢᠯ ᠤᠨ ᠰᠢᠰᠲ᠋ᠧᠮᠲᠤ ᠢᠨᠵᠧᠨᠧᠷᠢᠩ ᠪᠣᠯᠭᠠᠨ ᠠᠳᠬᠤᠵᠤ᠂ ᠳᠡᠭᠡᠳᠦ ᠳᠤᠤᠷᠠᠳᠤ ᠱᠠᠲᠤ ᠪᠠᠷ ᠢᠶᠠᠨ ᠬᠥᠳᠡᠯᠦᠯᠴᠡᠨ᠂ ᠰᠠᠯᠠᠭ᠎ᠠ ᠮᠥᠴᠢᠷ ᠢᠶᠠᠷ ᠢᠶᠠᠨ ᠬᠤᠯᠪᠣᠭᠠᠯᠠᠨ ᠬᠥᠳᠡᠯᠦᠯᠴᠡᠵᠦ᠂ ᠪᠣᠭᠤᠮᠲᠠ ᠰᠢᠪᠲᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠨᠡ ᠤᠳᠠᠭ᠎ᠠ ᠶᠢᠨ ᠲᠤᠰᠬᠠᠢ ᠠᠵᠢᠯᠯᠠᠭ᠎ᠠ ᠪᠠᠷ ᠳᠠᠮᠵᠢᠭᠤᠯᠤᠨ᠂ ᠥᠪᠡᠷ ᠤᠨ ᠪᠡᠶ᠎ᠡ ᠳᠤ ᠣᠷᠤᠰᠢᠵᠤ ᠪᠠᠶᠢᠭ᠎ᠠ ᠠᠰᠠᠭᠤᠳᠠᠯ ᠢᠶᠠᠨ ᠣᠨᠣᠪᠴᠢᠲᠠᠶ ᠡᠷᠢᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠳᠤ ᠣᠶᠤᠨ ᠰᠠᠨᠠᠭᠠᠨ ᠤ ᠬᠥᠮᠦᠵᠢᠯ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᡁᠢ ᠱᠦ ᠫᠢᠩ᠂ ᠪᠦᠬᠦ ᠣᠷᠤᠨ ᠤ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠬᠠᠷᠢᠭᠤᠴᠠᠯᠭ᠎ᠠ ᠪᠠᠨ ᠴᠢᠩᠭᠠᠳᠬᠠᠨ ᠪᠤᠲᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠰᠠᠭᠤᠵᠤ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠬᠡᠷᠡᠭᠵᠢᠭᠦᠯᠵᠦ᠂ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠠᠶᠢᠭᠤᠯᠬᠤ ᠬᠡᠷᠡᠭᠲᠡᠢ᠃ ᠲᠣᠰ ᠤᠳᠠᠭᠠᠨ ᠤ ᠲᠤᠰᠬᠠᠢ ᠠᠵᠢᠯᠯᠠᠭ᠎ᠠ ᠳᠤ ᠲᠦᠰᠢᠭᠯᠡᠨ᠂ ᠡᠮᠬᠢᠯᠡᠵᠦ ᠰᠢᠭᠰᠢᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠠᠪᠤᠨ ᠲᠥᠷᠥᠯ ᠤᠨ ᠭᠤᠤᠯᠳᠠᠯᠭ᠎ᠠ ᠲᠠᠢ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠵᠢᠯ ᠴᠡᠭᠴᠡᠯᠡᠯᠲᠡ ᠶᠢᠨ ᠬᠤᠭᠤᠴᠠᠭᠠᠨ ᠳᠤ ᠨᠢᠭᠡ ᠪᠦᠯᠦᠭ ᠬᠡᠷᠡᠭ ᠢ ᠲᠥᠪᠯᠡᠷᠡᠭᠦᠯᠦᠨ ᠦᠨᠡᠯᠡᠨ ᠪᠠᠶᠢᠴᠠᠭᠠᠵᠤ ᠠᠷᠢᠯᠭᠠᠬᠤ ᠶᠢ ᠪᠠᠲᠤᠯᠠᠬᠤ ᠬᠡᠷᠡᠭᠲᠡᠢ᠃ ᠦᠨᠡᠯᠡᠨ ᠪᠠᠶᠢᠴᠠᠭᠠᠬᠤ ᠶᠢ ᠪᠤᠲᠠᠲᠠᠶᠢᠵᠢᠭᠤᠯᠵᠤ᠂ ᠦᠨᠡᠯᠡᠨ ᠪᠠᠶᠢᠴᠠᠭᠠᠭᠰᠠᠨ ᠳ᠋ᠦᠩᠨᠡᠯᠲᠡ ᠶᠢᠨ ᠪᠤᠰᠤᠳᠴᠢ ᠲᠥᠪ ᠭᠤᠤᠯᠴᠢ ᠢᠳᠡᠬᠡᠬᠦᠯᠬᠦ ᠬᠦᠴᠤᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠶᠡᠳᠡᠭᠦᠯᠦᠨ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠬᠡᠷᠡᠭ ᠢ ᠦᠷ᠎ᠠ ᠪᠦᠳᠦᠮᠵᠢᠳᠠᠢ ᠰᠢᠢᠳᠪᠦᠷᠢᠯᠡᠬᠦ ᠶᠢ ᠠᠬᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠵᠠᠷᠭᠤ ᠶᠢ ᠨᠠᠮᠳᠠᠭᠠᠵᠤ ᠵᠠᠷᠭᠤ ᠬᠢᠬᠦ ᠪᠠᠨ ᠵᠣᠭᠰᠤᠬᠤ ᠶᠢ ᠪᠡᠶᠡᠯᠡᠬᠦᠯᠬᠦ ᠬᠡᠷᠡᠭᠲᠡᠢ ᠬᠡᠵᠤ ᠴᠢᠬᠤᠯᠠᠴᠢᠯᠠᠪᠠ᠃
      ᠯᠢᠨ ᠱᠤᠤ ᠴᠦᠨ᠂ ᠪᠢᠳᠡ ᠤᠯᠤᠰ ᠲᠦᠷᠦ ᠶᠢᠨ ᠵᠣᠭᠰᠤᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠤ ᠵᠣᠭᠰᠤᠯᠲᠠ ᠪᠠᠨ ᠪᠠᠳᠤᠳᠬᠠᠵᠥ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠲᠦᠪ ᠤᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠬᠠᠤᠯᠢ ᠳᠤ ᠬᠤᠯᠪᠤᠭᠳᠠᠭᠰᠠᠨ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠦᠨᠡᠯᠡᠨ ᠪᠠᠶᠢᠴᠠᠭᠠᠵᠤ ᠰᠢᠢᠳᠪᠤᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠥᠮᠦᠵᠢᠯ ᠴᠡᠭᠴᠡᠯᠡᠯᠲᠡ ᠶᠢᠨ ᠠᠯᠪᠠᠨ ᠭᠡᠷ ᠤᠨ ᠵᠣᠬᠢᠴᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠬᠠᠤᠯᠢ ᠳᠤ ᠬᠤᠯᠪᠤᠭᠳᠠᠭᠰᠠᠨ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠲᠥᠪᠯᠡᠷᠡᠭᠦᠯᠦᠨ ᠦᠨᠡᠯᠡᠨ ᠪᠠᠶᠢᠴᠠᠭᠠᠵᠤ ᠰᠢᠢᠳᠪᠤᠷᠢᠯᠡᠬᠦ ᠲᠤᠰᠬᠠᠢ ᠠᠵᠢᠯᠯᠠᠭ᠎ᠠ ᠶᠢ ᠰᠠᠶᠢᠲᠤᠷ ᠬᠢᠵᠦ ᠪᠣᠳᠠᠲᠠᠢ ᠬᠢᠬᠦ ᠪᠠᠷ ᠴᠢᠷᠮᠠᠶᠢᠨ᠎ᠠ ᠬᠡᠵᠤ ᠢᠯᠡᠳᠬᠡᠪᠡ᠃
      ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠤᠨ ᠤ ᠳᠡᠳ᠋ ᠲᠡᠷᠢᠭᠦᠯᠡᠭᠴᠢ᠂ ᠳᠣᠲᠤᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠣᠣ ᠹᠠᠨ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ