︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/10/22


      ᠨᠢᠭᠡ᠂ ᠨᠡᠶᠢᠲᠡᠯᠡᠭᠰᠡᠨ ᠠᠬᠤᠶ ᠪᠠᠶᠢᠳᠠᠯ
      2020 ᠣᠨ ᠤ 6 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠵᠢᠴᠢ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶ ᠳᠤ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠵᠢᠴᠢ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠡᠷᠦᠩᠬᠡᠶ ᠱᠠᠭᠠᠷᠳᠠᠯᠭ᠎ᠠ ᠬᠢᠭᠡᠳ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠶᠯᠡᠴᠢᠯᠡᠭᠡ᠂ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠬᠦ᠂ ᠰᠣᠶᠣᠯ ᠤᠨ ᠥᠪ ᠬᠥᠷᠥᠩᠭᠡ ᠶᠢ ᠬᠠᠮᠠᠭᠠᠯᠠᠨ ᠤᠯᠠᠮᠵᠢᠯᠠᠬᠤ᠂ ᠰᠣᠶᠣᠯ ᠤᠨ ᠰᠣᠯᠢᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠠᠵᠢᠯ ᠶᠠᠪᠤᠳᠠᠯ ᠤᠨ ᠡᠷᠬᠡ ᠶᠢ ᠬᠤᠪᠢᠶᠠᠷᠢᠯᠠᠬᠤ ᠠᠭᠤᠯᠭ᠎ᠠ ᠶᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠬᠤ ᠵᠡᠷᠭᠡ ᠭᠤᠷᠪᠠᠨ ᠵᠦᠶᠯ ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠯ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠥᠯᠥᠪᠯᠡᠭᠡ ᠳᠤ ᠠᠰ ᠲᠠᠭᠠᠨ ᠵᠢᠭᠰᠠᠭᠠᠭᠳᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠲᠣᠰ ᠲᠥᠰᠦᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠤᠵᠢ ᠠᠴᠠ ᠳᠣᠷᠤᠭᠰᠢᠬᠢ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ ᠶᠢ ᠱᠠᠭᠠᠷᠳᠠᠵᠠᠢ᠃
      ᠲᠥᠷᠦ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠪᠢᠳᠡ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠷᠢᠨ ᠨᠢᠮᠪᠠᠶ ᠡᠮᠬᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠥᠬᠦᠶ ᠵᠠᠷᠤᠳᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠢᠷᠤᠮᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ᠳᠣᠷᠣᠭᠰᠢ 

︽ᠲᠥᠰᠦᠯ︾ ᠭᠡᠵᠦ ᠲᠣᠪᠴᠢᠯᠠᠨ᠎ᠠ︶ ᠢ ᠨᠣᠣᠷᠠᠭᠯᠠᠨ ᠲᠤᠭᠤᠷᠪᠢᠪᠠ᠃
      ᠬᠤᠶᠠᠷ᠂ ᠭᠤᠣᠯ ᠠᠭᠤᠯᠭ᠎ᠠ
      ᠲᠥᠪ ᠤᠨ ᠪᠢᠴᠢᠭ ᠮᠠᠲ᠋ᠧᠷᠢᠶᠠᠯ ᠤᠨ ᠥᠭᠡᠷᠡᠴᠢᠯᠡᠯᠲᠡ ᠶᠢᠨ ᠬᠡᠪᠴᠢᠶ᠎ᠡ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠲᠤᠯᠠᠭ᠎ᠠ ᠶᠢᠨ ᠵᠠᠭᠪᠤᠷ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ 5 ᠲᠠᠯ᠎ᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠤᠷᠬᠠᠶᠢᠯᠠᠪᠠ᠃
      ᠨᠢᠭᠡ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠲᠠᠯ᠎ᠠ᠃ ᠶᠡᠷᠦᠩᠬᠡᠶ ᠳᠤ ᠨᠢ ᠡᠳ᠋ ᠤᠨ ᠵᠠᠰᠠᠭ ᠤᠨ ᠠᠵᠢᠯ ᠢ ᠬᠠᠮᠢᠶᠠᠷᠬᠤ ᠬᠠᠮᠲᠤ ᠶᠢᠨ ᠡᠷᠬᠡ ᠶᠢ ᠲᠣᠭᠲᠠᠭᠠᠵᠤ᠂ ᠲᠣᠰ ᠲᠣᠰ ᠲᠤ ᠪᠠᠨ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ᠃
      ᠬᠤᠶᠠᠷ᠂ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠲᠠᠯ᠎ᠠ᠃ ᠲᠥᠷᠥ ᠶᠢᠨ ᠪᠣᠳᠣᠯᠭ᠎ᠠ ᠶᠣᠰᠣᠭᠠᠷ ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃
      ᠭᠤᠷᠪᠠ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠠᠯ᠎ᠠ᠃ ᠲᠥᠷᠥ ᠶᠢᠨ ᠪᠣᠳᠣᠯᠭ᠎ᠠ ᠶᠢ ᠦᠨᠳᠦᠰᠦᠯᠡᠨ ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃
      ᠳᠥᠷᠪᠡ᠂ ᠰᠣᠶᠣᠯ ᠤᠨ ᠰᠣᠯᠢᠯᠴᠠᠭᠠᠨ ᠤ ᠲᠠᠯ᠎ᠠ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠪᠦᠷᠢ ᠬᠤᠪᠢᠶᠠᠷᠢᠯᠠᠨ᠎ᠠ᠃
      ᠲᠠᠪᠤ᠂ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ᠃ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠪᠦᠷᠢ ᠬᠤᠪᠢᠶᠠᠷᠢᠯᠠᠨ᠎ᠠ᠃
      ᠭᠤᠷᠪᠠ᠂ ᠲᠦᠬᠦᠷᠵᠢᠭᠦᠯᠬᠦ ᠠᠷᠭ᠎ᠠ ᠬᠡᠮᠵᠢᠶ᠎ᠡ
      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ
      ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠨ᠂ ᠨᠢᠭᠲᠠ ᠵᠣᠬᠢᠴᠠᠯᠳᠤᠨ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
      ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠪᠠᠨ ᠴᠢᠩᠭᠠᠷᠠᠭᠤᠯᠤᠨ᠎ᠠ
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠣᠰ ᠲᠥᠰᠦᠯ ᠢ ᠦᠨᠳᠦᠰᠦᠯᠡᠨ ᠦᠷᠭᠦᠯᠵᠢᠯᠡᠨ ᠰᠢᠯᠵᠢᠭᠦᠯᠦᠨ ᠥᠭᠬᠦ ᠬᠤᠯᠪᠣᠭᠳᠠᠯ ᠪᠥᠬᠦᠶ ᠪᠠᠯᠠ ᠮᠥᠩᠭᠦ ᠪᠠᠷ ᠳᠠᠮᠵᠢᠭᠤᠯᠤᠨ ᠠᠶᠢᠮᠠᠭ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠵᠦᠶᠯᠡᠰ ᠲᠤ ᠳᠡᠮᠵᠢᠯᠭᠡ ᠦᠵᠡᠭᠦᠯᠦᠨ᠎ᠡ᠃ ᠡᠯ᠎ᠡ ᠠᠶᠢᠮᠠᠭ ᠬᠤᠲᠠ ᠲᠣᠰ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠪᠠ ᠥᠪᠡᠷ ᠤᠨ ᠡᠳ᠋ ᠤᠨ ᠬᠦᠴᠦᠨ ᠢᠶᠠᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠶᠯᠡᠴᠢᠯᠡᠭᠡ ᠶᠢ ᠪᠠᠷᠢᠮᠵᠢᠶᠠᠵᠢᠭᠤᠯᠬᠤ ᠪᠠ ᠲᠡᠩᠴᠡᠭᠦᠷᠢᠰᠢᠭᠦᠯᠬᠦ ᠶᠢ ᠠᠬᠢᠭᠤᠯᠤᠨ᠂ ᠡᠳ᠋ ᠤᠨ ᠵᠠᠰᠠᠭ ᠤᠨ ᠣᠯᠠᠨ ᠨᠡᠶᠢᠲᠡ ᠶᠢᠨ ᠰᠣᠶᠣᠯ ᠤᠨ ᠣᠷᠣᠭᠤᠯᠤᠯᠲᠠ ᠶᠢᠨ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ ᠲᠠᠢ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠷᠣᠨ ᠪᠦᠰᠡ ᠶᠢᠨ ᠲᠥᠯᠥᠪᠵᠢᠭᠦᠯᠭᠡ ᠳᠤ ᠨᠡᠶᠢᠴᠡᠬᠦ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠬᠠᠤᠯᠢ ᠶᠣᠰᠣᠭᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠢᠷᠠᠭᠤᠯᠵᠤ ᠪᠣᠯᠤᠨ᠎ᠠ᠃
      ︵ᠭᠤᠷᠪᠠ︶ ᠬᠠᠷᠢᠯᠴᠠᠨ ᠬᠠᠮᠵᠢᠯᠴᠠᠵᠤ ᠥᠭᠡᠷᠡᠴᠢᠯᠡᠯᠲᠡ ᠶᠢ ᠠᠬᠢᠭᠤᠯᠤᠨ᠎ᠠ
      ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠵᠡᠷᠭᠡ ᠯᠦᠭᠡ ᠨᠢᠭᠲᠠ ᠤᠶᠠᠯᠳᠤᠭᠤᠯᠬᠤ ᠶᠢᠨ ᠬᠠᠮᠲᠤ᠂ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠵᠡᠷᠭᠡ ᠶᠢ ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠶᠯᠡᠰ ᠢ ᠴᠠᠭ ᠲᠤᠬᠠᠢ ᠳᠤ ᠨᠢ ᠳᠣᠭᠢᠷᠠᠭᠤᠯᠤᠨ ᠰᠢᠯᠢᠳᠡᠭᠵᠢᠭᠦᠯᠵᠦ᠂ ᠰᠠᠭᠤᠷᠢ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠬᠠᠷᠢᠯᠴᠠᠨ ᠬᠠᠮᠵᠢᠭᠤᠯᠤᠨ ᠠᠬᠢᠭᠤᠯᠬᠤ ᠶᠢ ᠦᠨᠡᠨ ᠬᠦ ᠪᠠᠲᠤᠯᠠᠨ᠎ᠠ᠃
      ︵ᠳᠥᠷᠪᠡ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ
      ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠦᠢᠯᠡᠴᠢᠯᠡᠭᠡᠨ ᠤ ᠣᠨᠴᠠᠯᠢᠭ ᠲᠠᠢ ᠨᠢᠭᠲᠠ ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ᠂ ᠬᠡᠷᠡᠭᠯᠡᠬᠦ ᠦᠷ᠎ᠡ ᠠᠰᠢᠭ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃
      ︵ᠲᠠᠪᠤ︶ ᠲᠦᠷᠢᠮ ᠢ ᠱᠠᠯᠠᠪᠳᠠᠨ ᠵᠠᠰᠠᠪᠤᠷᠢ ᠣᠷᠣᠭᠤᠯᠵᠤ ᠪᠦᠷᠢᠨᠰᠢᠭᠦᠯᠦᠨ᠎ᠡ
      ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ ᠬᠡᠷᠡᠭᠲᠡᠶ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ