ᠱᠢ ᠲᠠᠢ ᠹᠧᠩ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠲᠦᠷᠭᠡᠨ ᠨᠠᠷᠢᠯᠢᠭ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠲᠠᠰᠤ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/25
      10 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ᠂ ᠣᠳᠣᠬᠠᠨ ᠤ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠠᠢ ᠴᠢᠨᠠᠷ ᠪᠣᠯᠤᠨ ᠰᠡᠷᠭᠡᠶᠢᠯᠡᠨ ᠡᠵᠡᠮᠳᠡᠬᠦ ᠡᠭᠦᠷᠭᠡ ᠶᠢᠨ ᠪᠡᠷᠬᠡ ᠬᠠᠲᠠᠭᠤᠵᠢᠯᠲᠤ ᠴᠢᠨᠠᠷ᠂ ᠬᠦᠨᠳᠦ ᠨᠦᠰᠡᠷ ᠴᠢᠨᠠᠷ ᠢ ᠭᠦᠨᠵᠡᠭᠡᠢ ᠲᠠᠨᠢᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠲᠦᠷᠭᠡᠨ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠲᠠᠰᠤ ᠬᠤᠷᠢᠭᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠱᠢ ᠲᠠᠢ ᠹᠧᠩ ᠡᠩ ᠲᠡᠷᠢᠭᠦᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠢ ᠡᠮᠨᠡᠨ ᠠᠪᠤᠷᠠᠬᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠯᠬᠤ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠬᠦᠷᠴᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠡᠮᠨᠡᠯᠭᠡ ᠶᠢᠨ ᠬᠤᠷᠢᠶᠠᠨ ᠤ ᠡᠪᠡᠳᠴᠢᠳᠡᠨ ᠤ ᠣᠷᠣ᠂ ᠡᠮᠴᠢᠯᠡᠭᠡᠨ ᠤ ᠲᠥᠬᠦᠭᠡᠷᠦᠮᠵᠢ᠂ ᠡᠮᠴᠢ ᠰᠤᠪᠢᠯᠠᠭᠴᠢ ᠶᠢᠨ ᠬᠦᠴᠦᠨ᠂ ᠡᠳ᠋ ᠪᠣᠳᠠᠰ ᠤᠨ ᠨᠥᠭᠡᠴᠡ ᠵᠡᠷᠭᠡ ᠲᠠᠯ᠎ᠠ ᠶᠢᠨ ᠪᠠᠲᠤᠯᠠᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠡᠪᠡᠳᠴᠢᠲᠡᠨ ᠢ ᠡᠮᠨᠡᠨ ᠵᠠᠰᠠᠵᠤ ᠰᠢᠯᠵᠢᠭᠦᠯᠦᠨ ᠵᠦᠭᠡᠭᠡᠪᠦᠷᠢᠯᠡᠬᠦ ᠠᠵᠢᠯ ᠤᠨ ᠶᠠᠪᠤᠴᠠ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠬᠤᠷᠢᠭ᠎ᠠ ᠱᠤᠭᠤᠮ ᠤᠨ ᠰᠡᠳᠭᠢᠬᠦᠢ ᠪᠠᠨ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠪᠠᠶᠢᠳᠠᠯ ᠢ ᠠᠷᠭᠠᠴᠠᠭᠠᠬᠤ ᠠᠵᠢᠯ ᠤᠨ ᠲᠥᠰᠦᠯ ᠪᠣᠯᠤᠨ ᠭᠦᠢᠴᠡᠳ ᠪᠡᠯᠡᠳᠭᠡᠯ ᠢ ᠰᠠᠶᠢᠲᠤᠷ ᠬᠢᠵᠦ᠂ ᠡᠮᠴᠢᠯᠡᠭᠡᠨ ᠤ ᠡᠬᠢ ᠪᠠᠶᠠᠯᠢᠭ ᠢ ᠵᠣᠬᠢᠰᠲᠠᠢ ᠪᠠᠶᠢᠷᠢᠯᠠᠭᠤᠯᠵᠤ᠂ ᠡᠪᠡᠳᠴᠢᠲᠡᠨ ᠢ ᠠᠪᠤᠷᠠᠨ ᠡᠮᠨᠡᠬᠦ ᠠᠵᠢᠯ ᠢ ᠴᠢᠩᠭ᠎ᠠ ᠨᠢᠮᠪᠠᠢ ᠰᠠᠶᠢᠲᠤᠷ ᠬᠢᠬᠦ ᠬᠡᠷᠡᠭᠲᠡᠢ᠃ ᠤᠷᠳᠤ ᠬᠤᠭᠤᠴᠠᠭ᠎ᠠ ᠪᠠᠷ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠳ ᠢ ᠣᠨᠴᠠᠭᠠᠶᠢᠯᠠᠨ ᠬᠠᠯᠠᠮᠵᠢᠯᠠᠨ ᠬᠠᠶᠢᠷᠠᠯᠠᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃ ᠲᠡᠷᠡ ᠡᠮᠴᠢᠯᠡᠭᠡᠨ ᠤ ᠠᠵᠢᠯᠲᠠᠳ ᠢ ᠶᠠᠳᠠᠷᠠᠯ ᠵᠦᠳᠡᠷᠡᠯ ᠠᠴᠠ ᠠᠶᠤᠬᠤ ᠥᠬᠡᠶ ᠦᠷᠭᠦᠯᠵᠢᠯᠡᠨ ᠪᠠᠶᠢᠯᠳᠤᠬᠤ ᠰᠤᠷᠲᠠᠯ ᠢᠶᠠᠨ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠪᠠᠶᠢᠳᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠬᠡᠷᠡᠭᠲᠡᠢ ᠭᠡᠵᠦ ᠵᠣᠷᠢᠭᠵᠢᠭᠤᠯᠪᠠ᠃

1.jpg

      ᠲᠠᠷᠠᠭ᠎ᠠ ᠨᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠠᠵᠢᠯ ᠤᠨ ᠵᠢᠯᠣᠭᠤᠳᠬᠤ ᠭᠠᠵᠠᠷ ᠲᠤ ᠬᠦᠷᠴᠦ᠂ ᠸᠢᠳᠢᠣ᠋ ᠪᠠᠷ ᠳᠠᠮᠵᠢᠨ ᠡᠷᠢᠶᠡᠨ ᠬᠤᠲᠠ᠂ ᠡᠵᠡᠨ᠎ᠡ ᠬᠤᠰᠢᠭᠤᠨ ᠤ ᠵᠢᠯᠣᠭᠤᠳᠬᠤ ᠭᠠᠵᠠᠷ ᠲᠠᠢ ᠬᠤᠯᠪᠣᠭ᠎ᠠ ᠠᠪᠴᠤ᠂

ᠬᠤᠶᠠᠷ ᠭᠠᠵᠠᠷ ᠤᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠭ᠌ᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠶᠠᠮᠠᠷ ᠶᠠᠮᠠᠷ ᠠᠷᠭᠠᠴᠠᠭᠠᠬᠤ ᠠᠷᠭ᠎ᠠ ᠬᠡᠮᠵᠢᠶ᠎ᠡ ᠠᠪᠤᠭᠰᠠᠨ᠂ ᠪᠠᠰᠠ ᠶᠠᠮᠠᠷ ᠶᠠᠮᠠᠷ ᠲᠣᠪᠣᠶᠢᠮ᠎ᠠ ᠠᠰᠠᠭᠤᠳᠠᠯ ᠣᠷᠣᠰᠢᠵᠤ᠂

ᠶᠠᠮᠠᠷ ᠳᠡᠮᠵᠢᠯᠭᠡ ᠴᠢᠬᠤᠯᠠᠳᠠᠢ ᠪᠠᠶᠢᠬᠤ ᠶᠢ ᠨᠠᠷᠢᠨ ᠯᠠᠪᠯᠠᠨ ᠠᠰᠠᠭᠤᠭᠰᠠᠨ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ

ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ ᠤ ᠰᠠᠨᠠᠯ ᠢ ᠨᠠᠷᠢᠨ ᠬᠢᠨᠠᠮᠠᠭᠠᠶ

ᠰᠣᠨᠣᠰᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠣᠯ ᠣᠳᠣᠬᠠᠨ ᠤ ᠬᠠᠮᠤᠭ ᠤᠨ

ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠯ᠎ᠡ ᠱᠠᠲᠤᠨ ᠤ ᠬᠢᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠴᠢᠨᠠᠷ᠂ ᠨᠠᠷᠢᠨ ᠪᠤᠳᠤᠯᠢᠶᠠᠨᠲᠠᠶ ᠴᠢᠨᠠᠷ

ᠪᠣᠯᠤᠨ ᠰᠡᠷᠭᠡᠶᠢᠯᠡᠨ ᠡᠵᠡᠮᠳᠡᠬᠦ ᠡᠭᠦᠷᠭᠡ ᠶᠢᠨ ᠪᠡᠷᠬᠡ ᠬᠠᠲᠠᠭᠤᠵᠢᠯᠲᠤ ᠴᠢᠨᠠᠷ᠂ ᠬᠦᠨᠳᠦ ᠨᠦᠰᠡᠷ ᠴᠢᠨᠠᠷ ᠢ ᠭᠦᠨᠵᠡᠭᠡᠶ ᠲᠠᠨᠢᠵᠤ᠂ ᠠᠵᠢᠯ ᠤᠨ ᠳᠤᠮᠳᠠᠬᠢ ᠰᠤᠷᠭᠠᠮᠵᠢ ᠪᠠᠨ

ᠭᠦᠨᠵᠡᠭᠡᠶ ᠰᠢᠩᠭᠡᠭᠡᠨ ᠠᠪᠴᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢᠶᠠᠨ

ᠴᠢᠩᠭᠠᠷᠠᠭᠤᠯᠤᠨ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠳᠳᠡᠷ ᠲᠦᠷᠭᠡᠨ᠂ ᠪᠦᠬᠦᠨ ᠢ ᠬᠠᠮᠤᠷᠤᠨ ᠨᠠᠶᠢᠳᠠᠪᠤᠷᠢᠵᠢᠬᠤ ᠶᠢ

ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠦᠴᠦᠨ ᠪᠣᠯᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂ ᠠᠵᠢᠯ ᠤᠨ ᠤᠯᠤᠯᠴᠠᠭ᠎ᠠ ᠪᠣᠯᠤᠨ

ᠵᠣᠯᠭᠠᠯᠴᠠᠭ᠎ᠠ ᠪᠠᠨ ᠴᠢᠩᠭᠠᠳᠬᠠᠵᠤ᠂ ᠲᠠᠷᠤᠢ ᠲᠦᠷᠭᠡᠨ ᠬᠠᠨᠳᠤᠯᠭᠠᠳᠤ ᠴᠢᠨᠠᠷᠲᠠᠢ ᠠᠷᠭ᠎ᠠ ᠬᠡᠮᠵᠢᠶ᠎ᠡ ᠠᠪᠴᠤ ᠳᠤᠲᠠᠭᠤᠳᠠᠯ ᠢᠶᠠᠨ ᠨᠥᠬᠦᠪᠥᠷᠢᠯᠡᠵᠦ᠂ ᠠᠯᠳᠠᠰᠢ

ᠭᠠᠷᠬᠤ ᠶᠢ ᠬᠤᠷᠢᠭᠯᠠᠵᠤ᠂ ᠲᠦᠭᠵᠢᠷᠡᠯ ᠢ ᠨᠡᠪᠲᠡᠷᠡᠭᠦᠯᠵᠦ᠂ ᠲᠠᠰᠤᠯᠳᠠᠯ ᠢ ᠵᠠᠯᠭᠠᠵᠤ᠂ ᠡᠯ᠎ᠡ ᠭᠤᠭᠴᠣᠭᠠᠨ ᠤ ᠠᠵᠢᠯ ᠪᠤᠯᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ

ᠡᠷᠬᠡᠪᠰᠢ ᠪᠣᠳᠠᠲᠠᠢ ᠠᠳᠬᠤᠵᠤ ᠨᠠᠷᠢᠯᠢᠭ ᠠᠳᠬᠤᠵᠤ ᠲᠤᠭᠤᠰᠢᠲᠠᠢ ᠠᠳᠬᠤᠬᠤ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠤᠷᠳᠤᠴᠠ ᠶᠢ ᠦᠨᠡᠨ ᠬᠦ

ᠲᠦᠷᠭᠡᠳᠭᠡᠵᠦ᠂ ᠠᠯᠢᠪᠠ ᠳᠠᠶᠢᠴᠢᠯᠠᠵᠤ ᠪᠣᠯᠬᠤ ᠬᠦᠴᠦᠨ ᠢ ᠳᠠᠶᠢᠴᠢᠯᠠᠨ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠬᠠᠮᠤᠭ ᠤᠨ ᠲᠦᠷᠭᠡᠨ

ᠬᠤᠷᠳᠤᠴᠠ ᠪᠠᠷ ᠰᠢᠭᠰᠢᠨ ᠪᠠᠶᠢᠴᠠᠭᠠᠬᠤ ᠡᠭᠦᠷᠭᠡ ᠪᠠᠨ ᠪᠡᠶᠡᠯᠡᠭᠦᠯᠵᠦ᠂ ᠪᠠᠶᠢᠴᠠᠭᠠᠪᠠᠰᠤ ᠵᠣᠬᠢᠬᠤ ᠶᠢ ᠨᠢ ᠪᠦᠬᠦᠨ ᠢ ᠪᠠᠶᠢᠴᠠᠭᠠᠵᠤ᠂ ᠨᠢᠭᠡ ᠬᠥᠮᠦᠨ ᠢ ᠴᠦ

ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠢ᠃ ᠰᠢᠭᠰᠢᠨ ᠪᠠᠶᠢᠴᠠᠭᠠᠬᠤ ᠪᠤᠶᠤ ᠲᠠᠬᠤᠯ ᠡᠪᠡᠳᠴᠢᠨ ᠢ ᠪᠠᠶᠢᠴᠠᠭᠠᠬᠤ ᠳᠠᠭᠠᠨ ᠴᠥᠮ ︽ᠲᠦᠷᠭᠡᠨ︾ ᠪᠠ

︽ᠡᠷᠲᠡ︾ ᠪᠠᠶᠢᠬᠤ ᠶᠢ ᠳᠣᠪᠣᠶᠢᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠴᠠᠭ ᠢ ᠠᠮᠵᠢᠵᠤ᠂ ᠬᠢᠵᠢᠭ ᠤᠨ ᠸᠢᠷᠦ᠋ᠰ ᠲᠠᠢ ᠤᠷᠤᠯᠳᠤᠬᠤ ᠬᠡᠷᠡᠭᠲᠡᠢ᠃

ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠣᠳᠠᠲᠠᠶ᠂ ᠨᠠᠷᠢᠯᠢᠭ ᠠᠴᠠ ᠨᠠᠷᠢᠯᠢᠭ ᠰᠠᠶᠢᠲᠤᠷ ᠬᠢᠵᠦ᠂ ᠲᠤᠰᠠᠭᠠᠷᠯᠠᠬᠤ

ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠬᠢᠵᠦ

ᠬᠡᠬᠡᠭᠳᠡᠬᠦᠯᠬᠦ᠂ ᠡᠵᠡᠮᠳᠡᠵᠤ ᠲᠠᠶᠢᠯᠬᠦ ᠦᠭᠡᠢ᠂ ᠰᠣᠯᠪᠢᠴᠠᠨ ᠬᠠᠯᠳᠠᠪᠤᠷᠢᠯᠠᠬᠤ ᠪᠠᠶᠢᠳᠠᠯ ᠢᠯᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠲᠤᠰᠠᠭᠠᠷᠯᠠᠵᠤ ᠪᠠᠶᠢᠭ᠎ᠠ

ᠬᠥᠮᠦᠰ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠨᠠᠷᠢᠨ ᠨᠢᠭᠲᠠ ᠰᠠᠶᠢᠲᠤᠷ ᠬᠢᠵᠦ᠂ ᠲᠠᠳᠠᠨ ᠤ ᠡᠮᠦᠨ᠎ᠠ ᠠᠴᠠ ᠪᠣᠳᠣᠯᠬᠢᠯᠠᠵᠤ᠂ ᠰᠡᠳᠭᠢᠯ ᠰᠡᠳᠬᠢᠯ ᠢᠶᠠᠨ

ᠤᠯᠤᠯᠴᠠᠨ᠂ ᠲᠡᠳᠡᠨ ᠤ ᠠᠮᠢᠳᠤᠷᠠᠯ ᠤᠨ ᠬᠡᠷᠡᠭᠴᠡᠭᠡ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠲᠡᠳᠡᠨ ᠤ ᠵᠦᠢ ᠶᠣᠰᠣᠨ ᠤ ᠬᠦᠰᠡᠯ

ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠪᠡᠳᠴᠢᠲᠡᠨ ᠢ ᠠᠪᠤᠷᠠᠨ ᠡᠮᠨᠡᠬᠦ ᠠᠵᠢᠯ ᠢ ᠪᠦᠬᠦ

ᠬᠦᠴᠦᠨ ᠢᠶᠠᠷ ᠢᠶᠠᠨ ᠰᠠᠶᠢᠲᠤᠷ ᠬᠢᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠬᠠᠯᠳᠠᠪᠤᠷᠢᠯᠠᠯ ᠡᠭᠦᠰᠭᠦ ᠶᠢ

ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠢᠴᠢ ᠡᠷᠢᠶᠡᠨ ᠬᠤᠳᠠ᠂ ᠡᠵᠡᠨ᠎ᠡ ᠬᠤᠰᠢᠭᠤᠨ ᠤ

 ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠯ᠎ᠡ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠬᠢᠨ ᠪᠦᠬᠦ ᠲᠠᠯ᠎ᠠ ᠪᠠᠷ ᠪᠠᠶᠢᠯᠳᠤᠭᠠᠨ ᠤ ᠪᠠᠶᠢᠳᠠᠯ ᠳᠤ ᠣᠷᠣᠵᠤ᠂ ᠴᠠᠭ ᠮᠥᠴᠡ ᠲᠠᠢ ᠤᠷᠤᠯᠳᠤᠨ᠂ ᠪᠦᠬᠦ ᠬᠦᠴᠦᠨ ᠢᠶᠠᠷ ᠢᠶᠠᠨ

ᠠᠵᠢᠯ ᠢᠶᠠᠨ ᠰᠠᠶᠢᠲᠤᠷ ᠬᠢᠵᠦ᠂ ᠭᠤᠣᠯ ᠤᠳᠤᠷᠢᠳᠬᠤ ᠨᠥᠬᠦᠳ ᠡᠮᠦᠨ᠎ᠡ ᠹᠷᠣᠨᠲ ᠲᠤ ᠬᠦᠷᠴᠤ᠂ ᠡᠮᠦᠨ᠎ᠡ ᠹᠷᠣᠨᠲ ᠲᠤ ᠵᠢᠭᠠᠨ ᠵᠢᠯᠣᠭᠤᠳᠴᠤ᠂ ᠠᠵᠢᠯ ᠤᠨ

ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠃

2.jpg

3.jpg

      ᠵᠠᠯᠭᠠᠭᠠᠳ ᠱᠢ ᠲᠠᠢ ᠹᠧᠩ ᠬᠤᠷᠠᠯ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ

ᠵᠢᠯᠣᠭᠤᠳᠬᠤ ᠭᠠᠵᠠᠷ ᠵᠢᠴᠢ ᠡᠯ᠎ᠡ ᠠᠵᠢᠯᠯᠠᠬᠤ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠵᠢᠯᠣᠭᠤᠳᠬᠤ ᠭᠠᠵᠠᠷ ᠤᠨ ᠬᠢᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠵᠣᠷᠢᠭ ᠰᠠᠨᠠᠭ᠎ᠠ ᠪᠠᠨ ᠬᠥᠪᠴᠢᠯᠡᠨ᠂ ᠪᠡᠯᠡᠳᠭᠡᠯ ᠠᠵᠢᠯ ᠢᠶᠠᠨ ᠴᠢᠩᠭ᠎ᠠ ᠬᠢᠵᠦ᠂

ᠴᠢᠩᠭ᠎ᠠ ᠨᠢᠮᠪᠠᠢ ᠠᠵᠢᠯ ᠤᠨ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠬᠤ ᠬᠡᠷᠡᠭᠲᠡᠢ᠃ ᠨᠢᠭᠡᠳᠦᠯᠲᠡᠢ ᠵᠢᠯᠣᠭᠤᠳᠤᠨ

ᠲᠤᠬᠢᠷᠠᠭᠤᠯᠬᠤ ᠶᠢ ᠴᠢᠩᠭᠠᠳᠬᠠᠵᠤ᠂ ᠲᠡᠰ ᠳᠡᠪᠰᠢᠭᠦᠯᠦᠨ ᠵᠢᠯᠣᠭᠤᠳᠬᠤ᠂ ᠡᠮᠦᠨ᠎ᠡ ᠹᠷᠣᠨᠲ ᠲᠤ ᠵᠢᠯᠣᠭᠤᠳᠬᠤ᠂ ᠡᠮᠦᠨ᠎ᠡ ᠹᠷᠣᠨᠲ ᠲᠤ ᠵᠢᠯᠣᠭᠤᠳᠬᠤ ᠤᠳᠤᠷᠢᠳᠬᠤ

ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠬᠥᠳᠡᠯᠦᠩᠭᠦᠢ ᠪᠠᠷ

ᠲᠤᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ

ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠭᠠᠵᠠᠷ ᠤᠷᠤᠨ ᠡᠯ᠎ᠡ ᠲᠠᠯ᠎ᠠ ᠶᠢᠨ ᠬᠢᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ

ᠬᠡᠮᠵᠢᠶ᠎ᠡ ᠶᠢ ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠴᠥᠭ ᠪᠤᠯᠤᠩ ᠦᠯᠡᠳᠡᠭᠡᠬᠦ ᠥᠬᠡᠶ᠂ ᠬᠡᠭᠡᠭᠳᠡᠬᠦᠯᠵᠦ ᠤᠷᠬᠢᠭᠳᠠᠭᠤᠯᠬᠤ ᠦᠭᠡᠢ᠂

ᠵᠠᠪᠰᠠᠷ ᠵᠠᠢ ᠦᠯᠡᠳᠡᠬᠡᠬᠦ ᠥᠬᠡᠶ᠂ ᠲᠠᠰᠤᠯᠳᠠᠯ ᠭᠠᠷᠭᠠᠬᠤ ᠥᠬᠡᠶ ᠪᠠᠶᠢᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠲᠠᠰᠤ ᠬᠤᠷᠢᠭᠯᠠᠬᠤ

ᠬᠡᠷᠡᠭᠲᠡᠢ᠃ ᠠᠵᠢᠯ ᠨᠢ ᠯᠠᠪᠳᠠᠭᠤᠨ ᠪᠣᠳᠠᠲᠠᠢ ᠪᠤᠰᠤ᠂ ᠰᠡᠷᠭᠡᠶᠢᠯᠡᠨ ᠡᠵᠡᠮᠳᠡᠬᠦ ᠡᠷᠴᠢᠮ ᠨᠢ ᠰᠤᠯᠠ ᠠᠴᠠ ᠪᠤᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠪᠠᠯ

ᠰᠢᠭᠤᠳ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠡᠯ᠎ᠡ ᠭᠠᠵᠠᠷ ᠤᠨ ᠬᠢᠨ ᠢ ᠵᠢᠭᠠᠨ ᠵᠢᠯᠣᠭᠤᠳᠴᠤ ᠪᠠᠶᠢᠭᠠᠳ ᠰᠡᠷᠭᠡᠶᠢᠯᠡᠨ ᠡᠵᠡᠮᠳᠡᠬᠦ

ᠠᠵᠢᠯ ᠤᠨ ᠠᠷᠭ᠎ᠠ ᠬᠡᠯᠪᠡᠷᠢ ᠶᠢ ᠰᠠᠶᠢᠲᠤᠷ ᠡᠵᠡᠮᠳᠡᠬᠦ ᠶᠢ ᠠᠩᠬᠠᠷᠴᠤ᠂ ᠴᠢᠩᠭ᠎ᠠ ᠰᠡᠷᠭᠡᠶᠢᠯᠡᠨ ᠦᠬᠦᠨ ᠰᠠᠬᠢᠬᠤ ᠪᠠᠷ ᠪᠠᠷᠠᠬᠤ ᠦᠭᠡᠢ ᠪᠠᠰᠠ ᠵᠤᠬᠢᠰ ᠦᠭᠡᠢ

ᠰᠢᠢᠳᠪᠦᠷᠢᠯᠡᠬᠦ ᠶᠢ ᠰᠡᠷᠭᠡᠶᠢᠯᠡᠬᠦ ᠬᠡᠷᠡᠭᠲᠡᠢ᠃ ᠡᠯ᠎ᠡ ᠱᠠᠲᠤᠨ ᠤ ᠵᠢᠯᠣᠭᠤᠳᠬᠤ ᠰᠢᠰᠲ᠋ᠧᠮ ᠤᠨ ᠬᠢᠨ ᠡᠷᠬᠡᠪᠰᠢ ᠠᠵᠢᠯ ᠤᠨ ᠪᠠᠶᠢᠷᠢᠨ ᠳᠤ ᠪᠠᠶᠢᠬᠤ᠂ ᠢᠳᠡᠪᠬᠢ

ᠪᠠᠶᠢᠳᠠᠯ ᠳᠤ ᠪᠠᠶᠢᠬᠤ ᠶᠢ ᠪᠠᠲᠤᠯᠠᠵᠤ᠂ ᠬᠠᠪᠲᠠᠭᠠᠶᠢᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠬᠤᠪᠢᠶᠠᠷᠢᠯᠠᠯ ᠨᠢ ᠨᠠᠩ ᠰᠢᠨᠵᠢᠯᠡᠬᠦ ᠤᠬᠠᠭᠠᠨᠴᠢ᠂

ᠵᠣᠯᠭᠠᠯᠴᠠᠭ᠎ᠠ ᠨᠢ ᠨᠠᠩ ᠤᠷᠤᠭᠰᠢᠲᠠᠢ ᠪᠠᠶᠢᠬᠤ ᠶᠢ ᠬᠦᠢᠴᠡᠳᠬᠡᠵᠤ᠂ ᠦᠨᠡᠨ ᠬᠦ ᠥᠨᠳᠥᠷ ᠪᠦᠲᠦᠮᠵᠢᠲᠡᠶ ᠠᠵᠢᠯᠯᠠᠵᠤ᠂ ᠬᠦᠯ ᠤᠯᠠ ᠪᠠᠨ ᠠᠯᠳᠠᠬᠤ ᠶᠢ ᠰᠡᠷᠭᠡᠶᠢᠯᠡᠵᠦ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠷᠭᠡᠨ ᠥᠷᠨᠢᠭᠦᠯᠵᠦ᠂ ᠤᠨᠢᠨ ᠲᠠᠭᠡᠷ᠎ᠡ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃

ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠤᠨ ᠰᠡᠷᠭᠡᠶᠢᠯᠡᠨ ᠡᠵᠡᠮᠳᠡᠬᠦ ᠠᠬᠢᠴᠠ ᠶᠢᠨ ᠪᠠᠶᠢᠳᠠᠯ ᠢ

ᠴᠠᠭ ᠲᠤᠬᠠᠶ ᠳᠤ ᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠢ ᠬᠡᠵᠤ

ᠴᠢᠬᠤᠯᠠᠴᠢᠯᠠᠪᠠ᠃

4.jpg

 

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠪᠦᠦ ᠭᠠᠩ᠂ ᠳ᠋ᠢᠩ ᠰᠢᠤ ᠹᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ