ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ ᠴᠢᠩᠭ᠎ᠠ ᠨᠢᠮᠪᠠᠢ ᠦᠨᠠᠨ ᠪᠣᠳᠠᠲᠠᠶ ᠠᠵᠢᠯᠯᠠᠵᠤ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/25

      10 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠱᠤᠤ ᠴᠦᠨ᠂ ᠾᠧᠩ ᠰᠢᠶᠣᠣ ᠹᠠᠨ᠂ ᠴᠢ᠊ ᠪᠠᠲᠤ᠂ ᠪᠦᠦ ᠰᠢᠶᠠᠨ ᠬᠤᠸᠠ᠂ ᠵᠧᠩ ᠳ᠋ᠦᠩ ᠪᠥᠸᠧ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠰᠤᠯᠠ ᠣᠷᠣᠯᠴᠠᠵᠠᠶ᠃

      ᠬᠤᠷᠠᠯ ᠠᠴᠠ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ ᠲᠠᠢ ᠬᠤᠯᠪᠤᠨ ᠨᠡᠪᠲᠡᠷᠡᠭᠦᠯᠬᠦ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠠᠳᠬᠤᠬᠤ ᠶᠢᠨ ᠵᠠᠶᠢᠯᠠᠰᠢ ᠦᠭᠡᠢ ᠴᠢᠨᠠᠷ᠂ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠤᠯᠤᠰ ᠲᠦᠷᠥ ᠶᠢᠨ ᠠᠮᠢᠳᠤᠷᠠᠯ᠂ ᠤᠯᠤᠰ ᠲᠦᠷᠥ ᠶᠢᠨ ᠠᠮᠢ ᠠᠬᠤᠢ᠂ ᠤᠯᠤᠰ ᠲᠦᠷᠥ ᠶᠢᠨ ᠪᠠᠶᠢᠭᠤᠯᠤᠯᠲᠠ ᠠᠴᠠ ᠭᠠᠷᠳᠠᠨ ᠴᠢᠩᠭ᠎ᠠ ᠨᠢᠭᠲᠠ ᠬᠠᠨᠳᠤᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠤᠭᠳᠤ ᠭᠤᠶᠢᠪᠢᠰᠢ ᠦᠭᠡᠢ᠂ ᠳᠡᠭᠡᠳᠦ ᠬᠡᠮᠵᠢᠶᠡᠨ ᠤ ᠤᠬᠠᠮᠰᠠᠷ ᠠᠴᠠ᠂ ᠨᠡᠩ ᠴᠢᠩᠭ᠎ᠠ ᠨᠢᠮᠪᠠᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠢ ᠴᠥᠬᠦᠷᠡᠰᠢ ᠦᠭᠡᠢ ᠠᠬᠢᠭᠤᠯᠵᠤ᠂ ᠤᠯᠤᠰ ᠲᠦᠷᠥ ᠶᠢᠨ ᠠᠮᠢ ᠠᠬᠤᠢ ᠶᠢ ᠴᠥᠬᠦᠷᠡᠰᠢ ᠦᠭᠡᠢ ᠴᠡᠪᠡᠷᠰᠢᠭᠦᠯᠦᠨ ᠰᠡᠷᠭᠦᠭᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠤᠭ ᠲᠡᠮᠳᠡᠭ ᠲᠣᠳᠣᠷᠬᠠᠢ ᠪᠠᠷ ᠤᠯᠤᠰ ᠲᠦᠷᠥ ᠶᠢ ᠡᠷᠬᠢᠮᠯᠡᠵᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠴᠢᠩᠭ᠎ᠠ ᠬᠠᠷᠭᠤᠭᠤᠯᠵᠤ᠂ ᠤᠬᠠᠮᠰᠠᠷ ᠠᠴᠠ ᠪᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠡᠨᠡ ᠬᠦ ᠤᠯᠤᠰ ᠲᠦᠷᠥ ᠶᠢᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠥᠪᠡᠷ ᠤᠨ ᠪᠡᠶ᠎ᠡ᠂ ᠲᠤᠰᠢᠶᠠᠯ ᠬᠠᠷᠢᠭᠤᠴᠠᠯᠭ᠎ᠠ᠂ ᠠᠵᠢᠯ ᠢᠶᠠᠨ ᠡᠨᠡ ᠬᠦ ᠱᠠᠭᠠᠷᠳᠠᠯᠭ᠎ᠠ ᠶᠣᠰᠣᠭᠠᠷ ᠱᠠᠭᠠᠷᠳᠠᠨ ᠵᠠᠯᠠᠷᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠴᠡᠭᠡᠷᠯᠡᠯ ᠪᠣᠯᠭᠠᠵᠤ᠂ ︽ᠴᠢᠩᠭ᠎ᠠ︾ ᠪᠠᠶᠢᠬᠤ ᠶᠢ ᠲᠦᠷᠦᠭᠦᠨ ᠳᠤ ᠪᠠᠷᠢᠮᠲᠠᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ᠂ ᠰᠠᠬᠢᠯᠭ᠎ᠠ ᠪᠠᠲᠤ ᠶᠣᠰᠣ ᠲᠦᠷᠢᠮ᠂ ᠲᠦᠷᠢᠮ ᠲᠣᠭᠲᠠᠴᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠥᠪ ᠴᠢᠩᠭ᠎ᠠ ᠨᠠᠷᠢᠨ ᠨᠢᠭᠲᠠ ᠰᠢᠢᠳᠪᠦᠷᠢᠯᠡᠵᠦ᠂ ᠪᠡᠶᠡᠴᠢ ᠪᠠ ᠪᠤᠰᠤᠳᠴᠢ ᠶᠢᠷᠲᠢᠨᠴᠥ ᠶᠢ ᠥᠭᠡᠷᠡᠴᠢᠯᠡᠬᠦ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠥ ᠶᠢᠨ ᠤᠤᠷ ᠴᠢᠨᠠᠷ ᠢᠶᠠᠨ ᠢᠮᠠᠭᠲᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠥ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠠᠵᠢᠯ ᠤᠨ ᠱᠠᠭᠠᠷᠳᠠᠯᠭ᠎ᠠ ᠶᠣᠰᠣᠭᠠᠷ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠢᠯᠵᠠᠷᠡᠯ ᠢ ᠡᠰᠡᠷᠭᠦᠴᠡᠬᠦ ᠲᠡᠮᠡᠴᠡᠯ ᠢ ᠤᠨᠢᠨ ᠳᠡᠭᠡᠷ᠎ᠡ ᠨᠢ ᠭᠦᠨᠵᠡᠭᠡᠢ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠵᠡᠷᠭᠡ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠦᠴᠦᠯᠡᠨ ᠠᠬᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠲᠠᠯ᠎ᠠ ᠪᠠᠷ ᠨᠡᠩ ᠰᠠᠶᠢᠨ ᠦᠷ᠎ᠡ ᠪᠦᠲᠦᠮᠵᠢ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ