ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/10/25

     2021 ᠣᠨ ᠤ 10 ᠰᠠᠷ᠎ᠠ ᠶᠢᠨ 24 ᠤ ᠡᠳᠦᠷ ᠤᠨ 11 ᠴᠠᠭ ᠠᠴᠠ 10 ᠰᠠᠷ᠎ᠠ ᠶᠢᠨ 25 ᠤ ᠡᠳᠦᠷ ᠤᠨ 7 ᠴᠠᠭ ᠪᠣᠯᠲᠠᠯ᠎ᠠ᠄
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 13 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 12︶ ᠨᠡᠮᠡᠭᠳᠡᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠰᠡᠵᠢᠭᠯᠡᠯᠲᠡᠢ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠰᠢᠨ᠎ᠡ ᠪᠠᠷ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ ᠨᠢ ᠳᠣᠣᠷᠠᠬᠢ ᠮᠡᠲᠦ᠄
     ᠨᠢᠭᠡᠳᠦᠭᠡᠷ ᠡᠪᠡᠳᠴᠢᠨ ᠤ ᠵᠢᠱᠢᠶ᠎ᠡ᠄ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠶᠢᠨ ᠪᠦᠬᠦ ᠬᠥᠮᠥᠰ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠦᠶ᠎ᠡ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠠᠳ ᠮᠥᠨ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ ᠪᠣᠯᠣᠨ᠎ᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠣᠰᠢᠯᠠᠯᠲᠠ ᠪᠠᠷ ᠳᠠᠮᠵᠢᠨ᠂ ᠲᠤᠰ ᠬᠥᠮᠥᠨ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠪᠠ᠃
     ᠬᠤᠶᠠᠳᠤᠭᠠᠷ ᠡᠪᠡᠳᠴᠢᠨ ᠤ ᠵᠢᠱᠢᠶ᠎ᠡ ᠠᠴᠠ ᠠᠷᠪᠠᠨ ᠭᠤᠷᠪᠠᠳᠤᠭᠠᠷ ᠡᠪᠡᠳᠴᠢᠨ ᠤ ᠵᠢᠱᠢᠶ᠎ᠡ᠄ ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠪᠦᠬᠦ ᠬᠥᠮᠥᠰ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠦᠶ᠎ᠡ ᠳᠤ ᠠᠷᠭ᠎ᠠ ᠴᠢᠨᠠᠷ ᠢᠯᠡᠷᠡᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠣᠰᠢᠯᠠᠯᠲᠠ ᠪᠠᠷ ᠳᠠᠮᠵᠢᠨ᠂ 12 ᠬᠥᠮᠥᠨ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠪᠠ᠃
     ᠣᠳᠣᠬᠠᠨ ᠳᠤ ᠳᠡᠭᠡᠷ᠎ᠡ ᠳᠤᠷᠠᠳᠤᠭᠰᠠᠨ ᠬᠥᠮᠥᠰ ᠢ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠵᠦ᠂ ᠬᠠᠮᠢᠶ᠎ᠠ ᠪᠦᠬᠦᠢ ᠲᠠᠬᠤᠯ ᠡᠪᠡᠳᠴᠢᠨ ᠤ ᠪᠠᠶᠢᠴᠠᠭᠠᠯᠲᠠ᠂ ᠰᠢᠭᠰᠢᠨ ᠪᠠᠶᠢᠴᠠᠭᠠᠬᠤ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ᠃
     2021 ᠣᠨ ᠤ 10 ᠰᠠᠷ᠎ᠠ ᠶᠢᠨ 25 ᠤ ᠡᠳᠦᠷ ᠤᠨ 7 ᠴᠠᠭ ᠪᠣᠯᠲᠠᠯ᠎ᠠ᠂ ᠣᠳᠣ ᠪᠠᠶᠢᠭ᠎ᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠰᠡᠵᠢᠭᠯᠡᠯᠲᠡᠢ ᠡᠪᠡᠳᠴᠢᠨ ᠤ ᠵᠢᠱᠢᠶ᠎ᠡ 1᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 62 ︵ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2᠂ ᠰᠢᠨ᠎ᠡ ᠬᠤᠲᠠ ᠲᠣᠭᠤᠷᠢᠭ ᠲᠤ 1᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 15᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 43᠂ ᠠᠯᠠᠱᠠ ᠵᠡᠭᠦᠨ ᠬᠤᠰᠢᠭᠤᠨ ᠳᠤ 1︶᠂ ᠰᠡᠵᠢᠭᠯᠡᠯᠲᠡᠢ ᠡᠪᠡᠳᠴᠢᠨ ᠤ ᠵᠢᠱᠢᠶ᠎ᠡ 1 ︵ᠬᠥᠬᠡᠬᠤᠲᠠ ᠶᠢᠨ ᠰᠠᠶᠢᠬᠠᠨ ᠲᠣᠭᠤᠷᠢᠭ ᠲᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ