ᠱᠢ ᠲᠠᠢ ᠹᠧᠩ ᠪᠠᠴᠢᠮ ᠬᠤᠷᠠᠯ ᠡᠷᠬᠢᠯᠡᠨ ᠬᠤᠷᠠᠯᠳᠤᠭᠤᠯᠵᠤ ᠡᠯ᠎ᠡ ᠠᠶᠢᠮᠠᠭ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠳᠠ ᠬᠢᠪᠠ
ᠨᠡᠶᠢᠲᠡᠯᠡᠭᠰᠡᠨ ᠴᠠᠭ᠄
2021/10/26
      10 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠪᠠᠴᠢᠮ ᠬᠤᠷᠠᠯ ᠡᠷᠬᠢᠯᠡᠨ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠳᠠ ᠬᠢᠵᠦ᠂ ᠤᠨᠴᠠᠭᠠᠢ ᠴᠠᠭ ᠦᠶ᠎ᠠ ᠳᠤ ᠤᠨᠴᠠᠭᠠᠢ ᠠᠷᠭ᠎ᠠ ᠬᠡᠮᠵᠢᠶ᠎ᠠ ᠠᠪᠴᠤ᠂ ᠡᠯ᠎ᠡ ᠲᠠᠯ᠎ᠠ ᠶᠢᠨ ᠬᠢᠨ ᠡᠷᠬᠡᠪᠰᠢ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠡ ᠶᠢᠨ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠶᠠᠭᠠᠬᠢᠭᠰᠠᠨ ᠴᠦ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃

1.jpg

      ᠲᠣᠰ ᠡᠳᠦᠷ ᠤᠨ ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ᠂ ᠱᠢ ᠲᠠᠢ ᠹᠧᠩ ᠵᠢᠯᠣᠭᠤᠳᠬᠤ ᠭᠠᠵᠠᠷ ᠲᠤ ᠬᠦᠷᠴᠦ᠂ ᠸᠢᠳᠢᠣ᠋ ᠪᠠᠷ ᠪᠥᠬᠦ ᠣᠷᠣᠨ ᠤ

12 ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠢᠭᠡᠳ ᠨᠢᠭᠡ ᠪᠠᠷ

ᠲᠣᠬᠢᠷᠠᠭᠤᠯᠤᠯᠳᠠ ᠬᠢᠪᠡ᠃ ᠲᠡᠷᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠨᠠᠷᠢᠨ ᠵᠦᠢᠯᠡᠰ ᠢ ᠪᠠᠶᠢᠨ ᠳᠠᠬᠢᠨ

ᠨᠡᠬᠡᠮᠵᠢᠯᠡᠨ ᠠᠰᠠᠭᠤᠵᠤ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ

ᠬᠠᠮᠲᠤ ᠠᠵᠢᠯ ᠤᠨ ᠳᠤᠮᠳᠠ ᠢᠯᠡᠷᠡᠭᠰᠡᠨ ᠳᠤᠲᠠᠭᠤᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠣᠳᠣᠷᠬᠠᠢ ᠴᠡᠭᠴᠡᠯᠡᠨ ᠰᠠᠶᠢᠵᠢᠷᠠᠭᠤᠯᠬᠤ

ᠱᠠᠭᠠᠷᠳᠠᠯᠭ᠎ᠠ ᠳᠤᠷᠠᠳᠪᠠ᠃

2.jpg

 

      ᠱᠢ ᠲᠠᠢ ᠹᠧᠩ᠂ ᠣᠳᠣᠬᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠬᠡᠴᠡᠭᠦᠦ ᠨᠠᠷᠢᠨ

ᠪᠤᠳᠤᠯᠢᠶᠠᠨᠲᠠᠶ ᠪᠠᠶᠢᠨ᠎ᠠ᠂ ᠡᠯ᠎ᠡ ᠭᠠᠵᠠᠷ ᠤᠨ ᠬᠢᠨ ᠵᠠᠪᠠᠯ ᠳᠡᠭᠡᠳᠦ ᠬᠡᠮᠵᠢᠶᠡᠨ ᠤ ᠪᠠᠴᠢᠮ ᠳᠤᠯᠭᠠᠮ ᠪᠠᠶᠢᠳᠠᠯ ᠳᠤ ᠤᠷᠤᠵᠤ᠂ ᠦᠳᠲᠡᠷ ᠲᠦᠷᠭᠡᠨ ᠬᠥᠳᠡᠯᠦᠯᠴᠡᠵᠦ᠂

ᠡᠷᠡᠰ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠬᠠᠨᠳᠤᠰᠢ ᠶᠢ ᠦᠨᠡᠨ ᠬᠦ ᠡᠵᠡᠮᠳᠡᠬᠦ ᠬᠡᠷᠡᠭᠲᠡᠶ᠃ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ᠂ ᠡᠷᠡᠰ ᠰᠢᠭᠤᠷᠬᠠᠢ᠂ ᠬᠦᠴᠦᠳᠠᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ

ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠬᠥᠮᠦᠰ ᠲᠤ ᠴᠢᠭᠯᠡᠬᠦᠯᠤᠨ ᠡᠷᠴᠢᠮ ᠢᠶᠠᠨ ᠴᠢᠩᠭᠠᠷᠠᠭᠤᠯᠵᠤ

ᠬᠤᠯᠪᠣᠭᠳᠠᠯ ᠪᠥᠬᠦᠶ ᠱᠠᠭᠠᠷᠳᠠᠯᠭ᠎ᠠ ᠪᠣᠯᠤᠨ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠮᠥᠷᠳᠡᠨ

ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠦᠨᠡᠨ ᠬᠦ ᠴᠢᠩᠭᠠᠳᠬᠠᠵᠤ᠂ ᠳᠤᠮᠳᠠ ᠥᠨᠳᠥᠷ ᠠᠶᠤᠯ

ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠪᠤᠢ ᠪᠦᠬᠦᠢ ᠬᠥᠮᠥᠰ ᠢ ᠰᠢᠭᠰᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠶᠢᠴᠠᠭᠠᠬᠤ

ᠴᠢᠬᠤᠯᠠ ᠲᠠᠢ ᠶᠢ ᠨᠢ ᠡᠷᠬᠡᠪᠰᠢ ᠪᠦᠬᠦᠨ ᠢ ᠳᠤᠳᠤᠷᠬᠠᠢ ᠪᠠᠶᠢᠴᠠᠭᠠᠵᠤ᠂ ᠲᠤᠭᠤᠰᠢᠲᠠᠢ ᠪᠠᠶᠢᠴᠠᠭᠠᠵᠤ᠂ ᠡᠷᠬᠡᠪᠰᠢ ᠪᠦᠬᠦᠨ ᠢ ᠪᠠᠶᠢᠴᠠᠭᠠᠨ ᠰᠢᠢᠳᠪᠦᠷᠢᠯᠡᠵᠦ᠂ ᠨᠢᠭᠡ

ᠬᠥᠮᠦᠨ ᠢ ᠴᠦ ᠣᠷᠬᠢᠭᠳᠠᠭᠤᠯᠵᠤ ᠪᠣᠯᠬᠤ ᠦᠭᠡᠢ᠃ ᠡᠯ᠎ᠡ ᠭᠠᠵᠠᠷ ᠤᠨ ᠬᠢᠨ ᠴᠥᠮ ᠠᠵᠢᠯ ᠢᠶᠠᠨ ᠴᠢᠩᠭ᠎ᠠ ᠨᠠᠷᠢᠯᠢᠭ ᠠᠳᠬᠤᠬᠤ ᠬᠡᠷᠡᠭᠲᠡᠢ᠂ ᠢᠯᠠᠩᠭᠤᠶ᠎ᠠ ᠪᠠᠷᠠᠭᠤᠨ

ᠪᠡᠶ᠎ᠡ ᠶᠢᠨ ᠠᠶᠢᠮᠠᠭ ᠬᠤᠳᠠ ᠨᠡᠩ ᠴᠦ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠠᠳᠬᠤᠵᠤ᠂ ᠤᠯᠠᠨ ᠭᠠᠵᠠᠷ ᠦᠷᠪᠢᠰᠦᠨ ᠳᠡᠯᠭᠡᠷᠡᠬᠦ᠂ ᠨᠡᠶᠢᠳᠡᠮ ᠲᠠᠷᠬᠠᠨ

ᠳᠡᠯᠭᠡᠷᠡᠬᠦ ᠪᠠᠶᠢᠳᠠᠯ ᠢ ᠭᠠᠷᠭᠠᠵᠤ ᠶᠠᠭᠠᠬᠢᠭᠰᠠᠨ ᠴᠤ ᠪᠣᠯᠬᠤ ᠦᠭᠡᠢ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠦᠨᠡᠨ ᠬᠦ ᠴᠢᠩᠭᠠᠳᠬᠠᠵᠤ᠂ ᠰᠢᠭᠰᠢᠨ

ᠪᠠᠶᠢᠴᠠᠭᠠᠵᠤ ᠭᠠᠷᠭᠠᠭᠰᠠᠨ ᠬᠥᠮᠥᠰ ᠲᠤ ᠳᠠᠷᠤᠶ ᠲᠦᠷᠭᠡᠨ ᠠᠷᠭ᠎ᠠ ᠬᠡᠮᠵᠢᠶ᠎ᠡ ᠠᠪᠴᠤ᠂ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ᠃ ᠨᠡᠶᠢᠭᠡᠮ ᠲᠣᠭᠤᠷᠢᠭ ᠤᠨ

ᠬᠠᠮᠢᠶᠠᠷᠤᠯᠲᠠ ᠡᠵᠡᠮᠳᠡᠯ ᠢᠯᠠᠩᠭᠤᠶ᠎ᠠ ᠬᠡᠷ ᠪᠦᠯᠢ ᠶᠢᠨ ᠲᠤᠰᠠᠭᠠᠷᠯᠠᠯ ᠢ ᠵᠠᠪᠠᠯ ᠴᠢᠩᠭ᠎ᠠ ᠠᠳᠬᠤᠵᠤ᠂ ᠲᠤᠭᠤᠰᠢᠲᠠᠢ ᠬᠠᠮᠢᠶᠠᠷᠬᠤ ᠬᠡᠷᠡᠭᠲᠡᠢ᠂ ᠶᠠᠭᠠᠬᠢᠭᠰᠠᠨ ᠴᠤ

ᠭᠤᠷᠢᠳᠠᠬᠤ ᠪᠤᠳᠤᠯ ᠡᠪᠦᠷᠯᠡᠵᠦ᠂ ᠲᠠᠶᠢᠪᠤᠰᠢᠷᠠᠵᠤ ᠪᠣᠯᠬᠤ ᠦᠬᠡᠢ᠃ ᠬᠠᠮᠢᠶᠠᠷᠤᠯᠲᠠ ᠲᠤᠮᠳᠠ ᠪᠠᠨ ᠬᠡᠭᠡᠭᠳᠡᠬᠦᠯᠵᠦ ᠤᠷᠬᠢᠭᠳᠠᠭᠤᠯᠤᠭᠰᠠᠨ ᠪᠤᠶᠤ ᠡᠵᠡᠮᠳᠡᠯ ᠢᠶᠠᠨ

ᠠᠯᠳᠠᠭᠰᠠᠨ ᠪᠠᠶᠢᠳᠠᠯ ᠭᠠᠷᠪᠠᠯ᠂ ᠰᠢᠭᠤᠳ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠶ᠃ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ

ᠦᠨᠡᠨ ᠬᠦ ᠴᠢᠩᠭᠠᠳᠬᠠᠵᠤ᠂ ᠡᠯ᠎ᠡ ᠠᠶᠢᠮᠠᠭ ᠬᠤᠲᠠ ᠶᠢᠨ ᠬᠢᠨ ᠨᠢᠭᠲᠠ ᠬᠠᠮᠵᠢᠯᠴᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠲᠦᠷᠭᠡᠨ ᠪᠥᠭᠡᠳ ᠣᠨᠣᠪᠴᠢᠲᠠᠶ

ᠬᠦᠷᠭᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠤ ᠳᠠᠷᠤᠶ ᠲᠦᠷᠭᠡᠨ ᠣᠷᠣᠵᠤ᠂ ᠡᠷᠬᠡᠪᠰᠢ

ᠨᠠᠶᠢᠳᠠᠪᠤᠷᠢᠵᠢᠭᠤᠯᠬᠤ ᠠᠯᠢᠪᠠ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠵᠤ᠂ ᠠᠪᠴᠤ ᠪᠣᠯᠬᠤ ᠠᠯᠢᠪᠠ ᠠᠷᠭ᠎ᠠ ᠪᠠᠷᠢᠯ ᠢ ᠪᠦᠬᠦᠨ ᠢ ᠠᠪᠴᠤ᠂ ᠴᠢᠩᠭ᠎ᠠ

ᠪᠠᠶᠢᠯᠭᠠᠬᠤ ᠠᠴᠠ ᠪᠢᠰᠢ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠴᠢᠩᠭᠠᠳᠬᠠᠵᠤ᠂ ᠥᠪᠡᠷᠲᠡᠭᠡᠨ

ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠬᠢᠨ ᠨᠢᠭᠡᠳᠦᠯᠲᠡᠶ ᠲᠣᠬᠢᠷᠠᠭᠤᠯᠤᠨ ᠵᠢᠯᠣᠭᠤᠳᠬᠤ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠡᠷᠬᠡᠪᠰᠢ ᠵᠠᠷᠯᠢᠭ ᠢ

ᠡᠷᠡᠰ ᠳᠠᠭᠠᠵᠤ᠂ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠵᠢᠯᠣᠭᠤᠳᠬᠤ ᠭᠠᠵᠠᠷ ᠤᠨ ᠬᠢᠨ ᠲᠣᠰ ᠭᠠᠵᠠᠷ ᠣᠷᠣᠨ ᠤ ᠪᠠᠨ ᠰᠡᠷᠭᠡᠶᠢᠯᠡᠨ

ᠡᠵᠡᠮᠳᠡᠬᠦ ᠠᠵᠢᠯ ᠤᠨ ᠨᠢᠭᠡᠳᠦᠯᠲᠡᠶ ᠵᠢᠯᠣᠭᠤᠳᠣᠯᠭ᠎ᠠ ᠪᠠ ᠲᠣᠬᠢᠷᠠᠭᠤᠯᠤᠯᠲᠠ ᠶᠢ ᠡᠷᠡᠰ ᠬᠦᠴᠦᠲᠡᠶ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠢᠨ ᠤ ᠠᠵᠢᠯ ᠢᠶᠠᠨ

ᠠᠯᠬᠤᠭ᠎ᠠ ᠨᠢᠭᠡᠲᠡᠢ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠳᠤᠷᠢᠳᠬᠤ ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠭᠠᠭᠠᠴᠢᠯᠠᠨ

ᠬᠠᠷᠢᠯᠴᠠᠵᠤ᠂ ᠬᠠᠷᠢᠭᠤᠴᠠᠯᠭ᠎ᠠ ᠶᠢ ᠱᠠᠳᠤ ᠱᠠᠲᠤ ᠪᠠᠷ ᠪᠤᠳᠠᠳᠠᠶᠢᠵᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠲᠠᠷᠠᠭ᠎ᠠ ᠨᠢ᠂ ᠱᠢ ᠲᠠᠢ ᠹᠧᠩ ᠵᠢᠯᠣᠭᠤᠳᠬᠤ ᠭᠠᠵᠠᠷ ᠤᠨ ᠬᠤᠷᠠᠯ ᠤᠨ ᠭᠡᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ

ᠠᠵᠢᠯ ᠢ ᠰᠠᠶᠢᠲᠤᠷ ᠬᠢᠬᠦ ᠲᠤᠬᠠᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠳᠤ ᠪᠣᠳᠠᠲᠠᠢ ᠱᠠᠭᠠᠷᠳᠠᠯᠭ᠎ᠠ ᠳᠤᠷᠠᠳᠪᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠦ ᠹᠧᠩ ᠵᠢᠴᠢ ᠬᠤᠯᠪᠣᠭᠳᠠᠯ

ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ