|
ᠸᠠᠩ ᠯᠢ ᠰᠢᠶᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ | ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ ᠬᠤᠴᠤᠷᠭᠠᠵᠤ ᠠᠪᠤᠬᠰᠠᠨ ᠵᠢᠭᠤᠯᠴᠢᠯᠡᠭ᠌ᠰᠠᠳ ᠲᠤ ᠦᠢᠯᠡᠴᠢᠯᠡᠭᠡ ᠪᠠᠲᠤᠯᠠᠭ᠎ᠠ ᠬᠠᠨᠭ᠍ᠭᠠᠬᠤ ᠶᠢ ᠴᠢᠩᠭᠠᠳᠬᠠᠵᠤ ᠬᠢᠵᠢᠭ ᠤᠨ | ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠲᠠᠰᠤ ᠬᠤᠷᠢᠭᠯᠠᠬᠤ ᠬᠡᠷᠡᠭᠲᠡᠢ |
|
|
ᠨᠡᠶᠢᠲᠡᠯᠡᠭᠰᠡᠨ ᠴᠠᠭ᠄
2021/10/26
|
|
10 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠴᠤᠷᠭᠠᠵᠤ ᠠᠪᠤᠭᠰᠠᠨ ᠵᠢᠭᠤᠯᠴᠢᠯᠠᠭᠰᠠᠳ ᠲᠤ ᠦᠢᠯᠡᠴᠢᠯᠡᠭᠡ ᠪᠠᠲᠤᠯᠠᠭ᠎ᠠ ᠬᠠᠨᠭ᠍ᠭᠠᠬᠤ᠂ ᠡᠪᠡᠳᠴᠢᠲᠡᠨ ᠢ ᠰᠢᠯᠵᠢᠭᠦᠯᠦᠨ ᠵᠥᠭᠡᠭᠡᠪᠦᠷᠢᠯᠡᠬᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠢᠷᠠᠭᠤᠯᠤᠨ ᠰᠢᠢᠳᠪᠦᠷᠢᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠤᠴᠤᠷᠭᠠᠵᠤ ᠠᠪᠤᠬᠰᠠᠨ ᠵᠢᠭᠤᠯᠴᠢᠯᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠲᠠᠰᠤ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠠᠨ ᠤ ᠳᠠᠷᠠᠭ᠎ᠠ᠂ ᠸᠠᠩ ᠯᠢ ᠰᠢᠶᠠ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠲᠦᠪ ᠴᠢᠩᠭ᠎ᠠ ᠪᠠᠷ ᠵᠢᠭᠠᠨ ᠭᠠᠷᠭᠠᠵᠤ᠂ ᠡᠯ᠎ᠡ ᠱᠠᠲᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠤᠨ ᠤᠬᠠᠮᠰᠠᠷ ᠢᠶᠠᠨ ᠤᠯᠠᠮ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤ ᠪᠤᠢ ᠪᠣᠯᠭᠠᠵᠤ᠂ ᠥᠨᠳᠥᠷ ᠪᠦᠲᠦᠮᠵᠢᠲᠡᠢ ᠪᠠᠷ ᠵᠣᠬᠢᠴᠠᠭᠤᠯᠤᠨ ᠠᠵᠢᠯᠯᠠᠵᠤ᠂ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠵᠦ᠂ ᠵᠤᠬᠢᠰᠲᠠᠢ ᠲᠤᠬᠢᠷᠠᠭᠤᠯᠵᠤ᠂ ᠰᠠᠶᠢᠲᠤᠷ ᠰᠢᠢᠳᠪᠦᠷᠢᠯᠡᠬᠦ ᠬᠡᠷᠡᠭᠳᠡᠢ᠂ ᠢᠯᠠᠩᠭᠤᠶ᠎ᠠ ᠰᠡᠳᠬᠢᠯ ᠢᠶᠠᠨ ᠰᠤᠯᠢᠯᠴᠠᠵᠤ᠂ ᠰᠡᠳᠬᠢᠯ ᠢᠶᠠᠨ ᠤᠯᠤᠯᠴᠠᠵᠤ᠂ ᠬᠤᠴᠤᠷᠭᠠᠵᠤ ᠠᠪᠤᠭᠰᠠᠨ ᠵᠢᠭᠤᠯᠴᠢᠯᠠᠭᠰᠠᠳ ᠤᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠰᠣᠨᠣᠰᠴᠤ᠂ ᠬᠤᠴᠤᠷᠭᠠᠵᠤ ᠠᠪᠤᠬᠰᠠᠨ ᠵᠢᠭᠤᠯᠴᠢᠯᠠᠭᠰᠠᠳ ᠤᠨ ᠬᠡᠷᠡᠭᠴᠡᠭᠡ ᠶᠢ ᠨᠠᠷᠢᠨ ᠥᠢᠯᠠᠭᠠᠵᠤ᠂ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠶ ᠥᠢᠯᠠᠭᠠᠵᠤ᠂ ᠬᠤᠴᠤᠷᠭᠠᠵᠤ ᠠᠪᠤᠭᠰᠠᠨ ᠵᠢᠭᠤᠯᠴᠢᠯᠠᠭᠰᠠᠳ ᠤᠨ ᠨᠠᠷᠢᠯᠢᠭ ᠮᠡᠳᠡᠭᠡ ᠵᠠᠩᠭᠢ ᠶᠢ ᠴᠢᠨᠠᠭᠰᠢᠳᠠ ᠡᠵᠡᠮᠰᠢᠵᠦ᠂ ᠦᠢᠯᠡᠴᠢᠯᠡᠭᠡᠨ ᠤ ᠲᠥᠰᠦᠯ ᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠶ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠵᠤ᠂ ᠡᠮᠦᠨ᠎ᠡ ᠹᠷᠤᠨᠲ ᠲᠤ ᠬᠦᠷᠴᠦ ᠦᠢᠯᠡᠴᠢᠯᠡᠵᠦ᠂ ᠪᠦᠬᠦ ᠲᠠᠯ᠎ᠠ ᠪᠠᠷ᠂ ᠪᠦᠬᠦ ᠶᠠᠪᠤᠴᠠ ᠳᠤ ᠠᠵᠢᠯ ᠢᠶᠠᠨ ᠵᠣᠬᠢᠶᠠᠨ ᠪᠠᠶᠢᠭᠤᠯᠵᠦ ᠥᠷᠨᠢᠭᠦᠯᠬᠦ ᠬᠡᠷᠡᠭᠲᠡᠶ᠃ ᠬᠤᠴᠤᠷᠭᠠᠵᠤ ᠠᠪᠤᠭᠰᠠᠨ ᠵᠢᠭᠤᠯᠴᠢᠯᠠᠭᠰᠠᠳ ᠤᠨ ᠵᠦᠢ ᠵᠣᠬᠢᠰᠲᠠᠢ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠬᠤᠴᠤᠷᠭᠠᠵᠤ ᠠᠪᠤᠭᠰᠠᠨ ᠵᠢᠭᠤᠯᠴᠢᠯᠠᠭᠰᠠᠳ ᠤᠨ ᠠᠮᠢᠳᠤᠷᠠᠯ ᠳᠤ ᠰᠡᠳᠭᠢᠯ ᠲᠠᠯᠪᠢᠨ᠂ ᠶᠤᠰᠤ ᠲᠠᠢ ᠬᠠᠶᠢᠷ᠎ᠠ ᠰᠡᠳᠭᠢᠯᠭᠡ ᠲᠠᠢ ᠪᠠᠷ ᠰᠠᠶᠢᠲᠤᠷ ᠦᠢᠯᠡᠴᠢᠯᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠤᠨ ᠤ ᠬᠠᠶᠢᠷ᠎ᠠ ᠬᠠᠯᠠᠮᠵᠢ᠂ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠬᠦ ᠬᠡᠷᠡᠭᠲᠡᠢ ᠭᠡᠵᠦ ᠴᠢᠩᠭ᠎ᠠ ᠱᠠᠭᠠᠷᠳᠠᠪᠠ᠃ ᠸᠠᠩ ᠯᠢ ᠰᠢᠶᠠ᠂ ᠲᠤᠬᠠᠶ ᠶᠢᠨ ᠭᠠᠵᠠᠷ ᠤᠨ ᠡᠮᠴᠢᠯᠡᠭᠡᠨ ᠤ ᠲᠥᠪ ᠪᠠ ᠬᠥᠩᠭᠡᠨ ᠡᠪᠡᠳᠴᠢᠨ ᠨᠢ ᠬᠦᠨᠳᠦᠷᠡᠬᠦ ᠠᠮᠢ ᠨᠠᠰᠤᠨ ᠤ ᠲᠥᠭᠰᠢᠭᠦᠷᠢ ᠲᠠᠢ ᠪᠣᠯᠬᠤ ᠵᠡᠷᠭᠡ ᠠᠶᠤᠯ ᠲᠥᠭᠰᠢᠭᠦᠷᠢ ᠶᠢ ᠪᠣᠳᠣᠯᠬᠢᠯᠠᠵᠤ᠂ ᠣᠳᠣᠬᠠᠨ ᠳᠤ ᠨᠢᠭᠡᠨᠲᠡ ᠡᠵᠡᠨ᠎ᠡ ᠬᠤᠰᠢᠭᠤᠨ ᠤ ᠣᠨᠣᠰᠢᠯᠠᠭᠰᠠᠠᠨ ᠡᠪᠡᠳᠴᠢᠨ ᠤ ᠵᠢᠱᠢᠶ᠎ᠡ ᠶᠢ ᠰᠢᠯᠵᠢᠭᠦᠯᠦᠨ ᠡᠮᠨᠡᠭᠦᠯᠬᠦ ᠲᠦᠰᠦᠯ ᠢ ᠬᠡᠷᠡᠭᠵᠢᠭᠦᠯᠪᠡ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠥᠰᠦᠯ ᠢᠶᠠᠨ ᠴᠢᠨᠠᠬᠰᠢᠳᠠ ᠨᠠᠷᠢᠯᠢᠭᠵᠢᠭᠤᠯᠵᠤ᠂ ᠪᠡᠯᠡᠳᠭᠡᠯ ᠲᠥᠰᠦᠯ ᠢᠶᠠᠨ ᠪᠣᠳᠠᠲᠠᠶᠢᠵᠢᠭᠤᠯᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠡᠯᠡᠳᠭᠡᠯ ᠢ ᠰᠠᠶᠢᠲᠤᠷ ᠬᠢᠵᠦ᠂ ᠭᠠᠳᠠᠭᠰᠠᠢ ᠬᠠᠯᠳᠠᠪᠤᠷᠢᠯᠠᠬᠤ ᠲᠥᠭᠰᠢᠭᠦᠷᠢ ᠶᠢ ᠰᠡᠷᠭᠡᠶᠢᠯᠡᠨ ᠡᠵᠡᠮᠳᠡᠭᠰᠠᠨ ᠤᠷᠢᠲᠠᠯ ᠳᠣᠤᠷ᠎ᠠ ᠰᠢᠯᠵᠢᠭᠦᠯᠪᠡᠰᠦ ᠵᠣᠬᠢᠬᠤ ᠶᠢ ᠨᠢ ᠪᠦᠬᠦᠨ ᠢ ᠰᠢᠯᠵᠢᠭᠦᠯᠦᠨ ᠡᠮᠨᠡᠭᠦᠯᠬᠦ ᠬᠡᠷᠡᠭᠲᠡᠶ᠃ ᠪᠣᠳᠠᠲᠤ ᠪᠠᠶᠢᠯᠳᠤᠭᠠᠨ ᠤ ᠱᠠᠭᠠᠷᠳᠠᠯᠭ᠎ᠠ ᠶᠣᠰᠣᠭᠠᠷ ᠠᠵᠢᠯᠲᠠᠨ ᠢ ᠱᠠᠯᠠᠪᠳᠠᠨ ᠪᠣᠯᠪᠠᠰᠤᠷᠠᠭᠤᠯᠵᠤ᠂ ᠪᠠᠭᠠᠵᠢ ᠬᠡᠷᠡᠭᠰᠡᠯ ᠢ ᠪᠡᠯᠡᠳᠭᠡᠨ᠂ ᠣᠨᠣᠰᠢᠯᠠᠨ ᠡᠮᠨᠡᠬᠦ ᠶᠠᠪᠤᠴᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠠᠪᠤᠷᠠᠨ ᠵᠠᠰᠠᠬᠤ ᠪᠡᠯᠡᠳᠭᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠮᠴᠢ ᠰᠤᠪᠢᠯᠠᠭᠴᠢ ᠶᠢᠨ ᠠᠮᠤᠷ ᠲᠦᠪᠰᠢᠨ ᠢ ᠬᠠᠯᠠᠮᠵᠢᠯᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠯᠢ ᠰᠢᠶᠠ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠡ ᠶᠢ ᠲᠠᠰᠤᠯᠬᠤ ᠳᠤ᠂ ᠡᠷᠬᠡᠪᠰᠢ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠪᠠ ᠲᠠᠬᠤᠯ ᠡᠪᠡᠳᠴᠢᠨ ᠢ ᠪᠠᠶᠢᠴᠠᠭᠠᠵᠤ ᠡᠬᠢ ᠰᠤᠷᠪᠤᠯᠵᠢ ᠶᠢ ᠮᠦᠷᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠦᠨ᠂ ᠣᠯᠠᠨ ᠲᠦᠮᠡᠨ ᠳᠤ ᠦᠨᠡᠨ ᠬᠦ ᠲᠥᠬᠦᠮ ᠦᠵᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷ᠂ ᠲᠣᠣᠷᠵᠢᠭᠤᠯᠤᠯᠲᠠ ᠶᠢᠨ ᠠᠵᠢᠯᠲᠠᠨ᠂ ᠰᠠᠶᠢᠨ ᠳᠤᠷᠠᠴᠤᠳ ᠵᠡᠷᠭᠡ ᠬᠦᠴᠦᠨ ᠢ ᠭᠦᠢᠴᠡᠳ ᠳᠠᠶᠢᠴᠢᠯᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠪᠢᠲᠡᠭᠦᠮᠵᠢᠯᠡᠭᠰᠡᠨ ᠰᠠᠭᠤᠭᠠᠯᠢ ᠠᠷᠠᠳ ᠤᠨ ᠲᠣᠭᠤᠷᠢᠭ᠂ ᠲᠤᠰᠠᠭᠠᠷᠯᠠᠬᠤ ᠲᠠᠯᠠᠪᠤᠷ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠮᠦᠨ ᠢᠶᠠᠷ ᠦᠨᠳᠦᠰᠦ ᠪᠣᠯᠭᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠬᠡᠷᠡᠭᠲᠡᠶ᠃ ᠲᠤᠰᠠᠭᠠᠷᠯᠠᠬᠤ ᠴᠡᠭ ᠤᠨ ᠵᠢᠷᠤᠮᠵᠢᠭᠰᠠᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠡᠯᠬᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠢ ᠵᠣᠬᠢᠶᠠᠨ ᠪᠠᠶᠢᠭᠤᠯᠵᠤ ᠥᠪᠡᠷ ᠤᠨ ᠬᠠᠮᠢᠶᠠᠷᠤᠯᠲᠠ ᠶᠢ ᠨᠢ ᠴᠢᠩᠭᠠᠳᠬᠠᠵᠤ᠂ ᠨᠠᠩ ᠣᠯᠠᠨ ︽ᠬᠢᠵᠢᠭ ᠥᠬᠡᠶ ᠰᠠᠭᠤᠭᠠᠯᠢ ᠠᠷᠠᠳ ᠤᠨ ᠲᠣᠭᠤᠷᠢᠭ︾ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ᠂ ᠥᠪᠡᠷᠲᠡᠭᠡᠨ ᠵᠠᠰᠠᠬᠤ ᠣᠷᠣᠨ ᠤ ᠣᠳᠤᠷᠢᠳᠤᠯᠭ᠎ᠠ ᠡᠸᠦ ᠶᠠᠩ ᠰᠢᠶᠣᠤ ᠬᠤᠶ᠂ ᠡᠾᠧᠩ ᠰᠢᠶᠣᠤ ᠹᠠᠨ ᠬᠤᠷᠠᠯ ᠳᠤ ᠣᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠯᠠᠱᠠ ᠠᠶᠢᠮᠠᠭ᠂ ᠡᠵᠡᠨ᠎ᠡ ᠬᠤᠰᠢᠭᠤᠨ ᠤ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠤᠯᠴᠠᠵᠠᠢ᠃
|
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|