ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/10/26

     2021 ᠣᠨ ᠤ 10 ᠳ᠋ᠤᠭᠠᠷ ᠰᠠᠷ᠎ᠠ ᠶᠢᠨ 25 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 26 ᠤ ᠡᠳᠦᠷ ᠤᠨ 8 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 36 ︵ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1 ᠵᠢᠱᠢᠶ᠎ᠡ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 35 ᠵᠢᠱᠢᠶ᠎ᠡ︶ ᠨᠡᠮᠡᠭᠳᠡᠵᠡᠢ᠃ ᠰᠢᠨ᠎ᠡ ᠪᠠᠷ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ ᠨᠢ ᠳᠣᠤᠷᠠᠬᠢ ᠮᠡᠲᠦ᠄
     ᠨᠢᠭᠡᠳᠦᠭᠡᠷ ᠡᠪᠡᠳᠴᠢᠨ ᠤ ᠵᠢᠱᠢᠶ᠎ᠡ᠄ 10 ᠳ᠋ᠤᠭᠠᠷ ᠰᠠᠷ᠎ᠠ ᠶᠢᠨ 25 ᠤ ᠡᠳᠦᠷ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠮᠡᠳᠡᠭᠦᠯᠦᠭᠰᠡᠨ ᠪᠥᠭᠡᠮ ᠬᠦᠴᠢᠯ ᠨᠢ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠠᠳ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠤᠨ ᠬᠠᠮᠲᠤᠷᠠᠨ ᠣᠨᠣᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃
     ᠬᠤᠶᠠᠳᠤᠭᠠᠷ ᠠᠴᠠ ᠭᠤᠴᠢᠳᠤᠭᠠᠷ ᠡᠪᠡᠳᠴᠢᠨ ᠤ ᠵᠢᠱᠢᠶ᠎ᠡ᠄ ᠴᠥᠮ ᠡᠵᠡᠨ᠎ᠡ ᠬᠤᠰᠢᠭᠤᠨ ᠤ ᠪᠥᠬᠦ ᠬᠥᠮᠦᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠠᠳ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠤᠨ ᠬᠠᠮᠲᠤᠷᠠᠨ ᠣᠨᠣᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃
     ᠭᠤᠴᠢᠨ ᠨᠢᠭᠡᠳᠦᠭᠡᠷ ᠠᠴᠠ ᠭᠤᠴᠢᠨ ᠭᠤᠷᠪᠠᠳᠤᠭᠠᠷ ᠡᠪᠡᠳᠴᠢᠨ ᠤ ᠵᠢᠱᠢᠶ᠎ᠡ᠄ ᠴᠥᠮ ᠡᠵᠡᠨ᠎ᠡ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠠᠳ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠤᠨ ᠬᠠᠮᠲᠤᠷᠠᠨ ᠣᠨᠣᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃
     ᠭᠤᠴᠢᠨ ᠳᠥᠷᠪᠡᠳᠦᠭᠡᠷ᠂ ᠭᠤᠴᠢᠨ ᠲᠠᠪᠤᠳᠤᠭᠠᠷ ᠡᠪᠡᠳᠴᠢᠨ ᠤ ᠵᠢᠱᠢᠶ᠎ᠡ᠄ ᠴᠥᠮ ᠡᠵᠡᠨ᠎ᠡ ᠬᠤᠰᠢᠭᠤᠨ ᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠳ ᠤᠨ ᠰᠢᠭᠰᠢᠨ ᠪᠠᠶᠢᠴᠠᠭᠠᠯᠲᠠ ᠳᠤ ᠪᠥᠭᠡᠮ ᠬᠦᠴᠢᠯ ᠨᠢ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠠᠳ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠤᠨ ᠬᠠᠮᠲᠤᠷᠠᠨ ᠣᠨᠣᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃
     ᠭᠤᠴᠢᠨ ᠵᠢᠷᠭᠤᠳᠤᠭᠠᠷ ᠡᠪᠡᠳᠴᠢᠨ ᠤ ᠵᠢᠱᠢᠶ᠎ᠡ᠄ ᠡᠵᠡᠨ᠎ᠡ ᠬᠤᠰᠢᠭᠤᠨ ᠳᠤ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠬᠦ ᠦᠶ᠎ᠡ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠠᠳ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠤᠨ ᠬᠠᠮᠲᠤᠷᠠᠨ ᠣᠨᠣᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠪᠠ᠃
     ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠵᠦ ᠲᠤᠰᠠᠭᠠᠷᠯᠠᠨ ᠡᠮᠴᠢᠯᠡᠵᠦ᠂ ᠰᠢᠯᠵᠢᠭᠦᠯᠬᠦ᠂ ᠵᠢᠭᠰᠠᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃
     2021 ᠣᠨ ᠤ 10 ᠳ᠋ᠤᠭᠠᠷ ᠰᠠᠷ᠎ᠠ ᠶᠢᠨ 26 ᠤ ᠡᠳᠦᠷ ᠤᠨ 8 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠰᠡᠵᠢᠭᠯᠡᠯᠲᠡᠢ ᠡᠪᠡᠳᠴᠢᠨ ᠤ ᠵᠢᠱᠢᠶ᠎ᠡ 1 ᠪᠠᠶᠢᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 98 ︵ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2᠂ ᠰᠢᠨ᠎ᠡ ᠬᠤᠲᠠ ᠲᠣᠭᠤᠷᠢᠭ ᠲᠤ 1᠂ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 15᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 78᠂ ᠠᠯᠠᠱᠠ ᠵᠡᠭᠦᠨ ᠬᠤᠰᠢᠭᠤᠨ ᠳᠤ 1︶᠂ ᠰᠡᠵᠢᠭᠯᠡᠯᠲᠡᠢ ᠡᠪᠡᠳᠴᠢᠨ ᠤ ᠵᠢᠱᠢᠶ᠎ᠡ 1 ︵ᠬᠥᠬᠡᠬᠤᠲᠠ ᠶᠢᠨ ᠰᠠᠶᠢᠬᠠᠨ ᠲᠣᠭᠤᠷᠢᠭ ᠲᠤ ᠪᠣᠶ︶ ᠪᠠᠶᠢᠵᠤ᠂ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ