ᠱᠢ ᠲᠠᠢ ᠹᠧᠩ ᠬᠥᠬᠡᠬᠤᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/10/27
      10 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠷᠢᠳᠴᠢᠯᠠᠨ ᠬᠡᠯᠡᠬᠦ ᠦᠭᠡᠢ ᠪᠠᠷ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠵᠤ᠂ ᠬᠥᠬᠡᠬᠤᠲᠠ ᠳᠤ ᠭᠦᠨᠵᠡᠭᠡᠶᠢᠷᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠤᠭᠠᠳ ᠪᠠᠶᠢᠨ᠎ᠠ᠂ ᠡᠷᠬᠡᠪᠰᠢ ᠪᠠᠶᠢᠯᠳᠤᠭᠠᠨ ᠬᠢᠬᠦ ᠪᠠᠶᠢᠳᠠᠯ ᠢᠶᠠᠨ ᠪᠠᠲᠤᠯᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠢ ᠢᠳᠡᠪᠬᠢᠲᠡᠶ ᠬᠥᠳᠡᠯᠬᠡᠵᠦ᠂ ᠡᠮᠬᠢ ᠵᠢᠷᠤᠮ ᠲᠠᠢ ᠬᠢᠬᠦ ᠶᠢ ᠠᠬᠢᠭᠤᠯᠵᠤ᠂ ᠠᠯᠳᠠᠰᠢ ᠪᠠᠨ ᠲᠠᠷᠤᠢ ᠲᠦᠷᠭᠡᠨ ᠵᠠᠯᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠨᠠᠷᠢᠯᠢᠭ ᠪᠠᠲᠤᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠪᠥᠭᠡᠮ ᠬᠦᠴᠢᠯ ᠤᠨ ᠪᠠᠶᠢᠴᠠᠭᠠᠯᠲᠠ ᠶᠢᠨ ᠠᠬᠢᠴᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠲᠠᠯ᠎ᠠ ᠳᠤ ᠬᠤᠯᠪᠤᠭᠳᠠᠨ᠎ᠠ᠃ ᠱᠢ ᠲᠠᠢ ᠹᠧᠩ ᠡᠩ ᠲᠡᠷᠢᠭᠦᠨ ᠳᠤ ᠵᠦᠩ ᠬᠠᠢ ᠸᠠᠶ ᠲᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠬᠦᠷᠦᠩᠭᠦᠲᠡ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠬᠦᠯᠢᠶᠡᠵᠦ ᠪᠠᠶᠢᠭᠰᠠᠨ ᠰᠠᠭᠤᠭᠠᠯᠢ ᠠᠷᠠᠳ ᠲᠠᠢ ᠶᠠᠷᠢᠯᠴᠠᠭᠰᠠᠨ ᠪᠥᠭᠡᠳ ᠤᠳᠠᠯ ᠦᠭᠡᠢ ᠬᠦᠷᠦᠯᠴᠡᠨ ᠢᠷᠡᠭᠰᠡᠨ ᠨᠡᠶᠢᠭᠡᠮ ᠲᠣᠭᠤᠷᠢᠭ ᠤᠨ ᠺᠠᠳ᠋ᠷᠴᠤᠳ ᠠᠴᠠ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠵᠦ ᠪᠠᠶᠢᠭ᠎ᠠ ᠪᠠᠶᠢᠳᠠᠯ ᠢ ᠥᠢᠯᠠᠭᠠᠪᠠ᠃ ᠣᠯᠠᠨ ᠲᠦᠮᠡᠨ ᠮᠡᠳᠡᠭᠳᠡᠯ ᠢ ᠣᠯᠤᠭᠰᠠᠨ ᠤ ᠳᠠᠷᠠᠭ᠎ᠠ ᠬᠠᠷ᠎ᠠ ᠥᠷᠯᠥᠭᠡᠬᠦᠷ ᠠᠴᠠ ᠡᠬᠢᠯᠡᠵᠦ ᠮᠥᠷᠯᠡᠨ ᠬᠦᠯᠢᠶᠡᠵᠦ᠂ ᠨᠢᠭᠡᠨᠲᠡ ᠬᠤᠶᠠᠷ ᠴᠠᠭ ᠭᠠᠷᠤᠶ ᠥᠩᠭᠡᠷᠡᠭᠰᠡᠨ ᠪᠠᠶᠢᠲᠠᠯ᠎ᠠ ᠪᠠᠶᠢᠴᠠᠭᠠᠯᠲᠠ ᠬᠢᠭᠡᠳᠦᠶ ᠪᠠᠶᠢᠬᠤ ᠶᠢ ᠣᠯᠵᠤ ᠮᠡᠳᠡᠭᠡᠳ ᠱᠢ ᠲᠠᠢ ᠹᠧᠩ ᠰᠢᠯᠲᠠᠭᠠᠨ ᠢ ᠨᠢ ᠨᠠᠷᠢᠯᠢᠭ ᠠᠰᠠᠭᠤᠪᠠ᠃ ᠲᠡᠷᠡ᠂ ᠡᠶᠢᠮᠦᠷᠬᠦᠦ ᠪᠠᠶᠢᠳᠠᠯ ᠭᠠᠷᠤᠭᠰᠠᠨ ᠭᠤᠣᠯ ᠰᠢᠯᠲᠠᠭᠠᠨ ᠪᠣᠯ ᠵᠣᠬᠢᠶᠠᠨ ᠪᠠᠶᠢᠭᠤᠯᠬᠤ ᠪᠠ ᠪᠠᠲᠤᠯᠠᠭ᠎ᠠ ᠶᠢᠨ ᠭᠤᠭᠴᠤᠭ᠎ᠠ ᠳᠤ ᠠᠰᠠᠭᠤᠳᠠᠯ ᠭᠠᠷᠤᠭᠰᠠᠨ ᠠᠴᠠ ᠪᠣᠯᠤᠭᠰᠠᠨ ᠶᠤᠮ᠂ ᠤᠷᠢᠳ ᠢᠶᠠᠷ ᠭᠦᠢᠴᠡᠳ ᠪᠣᠳᠤᠯᠬᠢᠯᠠᠭᠰᠠᠨ ᠦᠭᠡᠢ᠂ ᠨᠠᠷᠢᠯᠢᠭ ᠲᠣᠬᠢᠷᠠᠭᠤᠯᠤᠭᠰᠠᠨ ᠦᠭᠡᠢ᠂ ᠵᠤᠬᠢᠶᠠᠨ ᠪᠠᠶᠢᠭᠤᠯᠤᠭᠰᠠᠨ  ᠨᠢ ᠭᠦᠢᠴᠡᠳ ᠦᠭᠡᠢ ᠪᠠᠶᠢᠨ᠎ᠠ᠂ ᠣᠯᠠᠨ ᠲᠦᠮᠡᠨ ᠳᠤ ᠶᠠᠷᠰᠢᠭ ᠲᠠᠲᠠᠭᠰᠠᠨ ᠢᠶᠠᠷ ᠪᠠᠷᠠᠬᠤ ᠦᠭᠡᠢ ᠨᠡᠶᠢᠭᠡᠮ ᠲᠣᠭᠤᠷᠢᠭ ᠤᠨ ᠺᠠᠳ᠋ᠷᠴᠤᠳ ᠤᠨ ᠳᠠᠷᠤᠭᠠᠰᠤ ᠶᠢ ᠴᠤ ᠬᠦᠨᠳᠦᠷᠡᠭᠦᠯᠦᠭᠰᠡᠨ ᠪᠠᠶᠢᠨ᠎ᠠ᠃ ᠬᠤᠯᠪᠤᠭᠳᠠᠯ ᠪᠦᠬᠦᠢ ᠲᠠᠯ᠎ᠠ ᠶᠢᠨ ᠬᠢᠨ ᠡᠭᠦᠨ ᠢᠶᠠᠷ ᠴᠡᠭᠡᠷᠯᠡᠯ ᠪᠣᠯᠭᠠᠵᠤ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠠᠯᠳᠠᠭ᠎ᠠ ᠪᠠᠨ ᠵᠠᠯᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠦᠨᠡᠨ ᠬᠦ ᠴᠢᠩᠭᠠᠳᠬᠠᠵᠤ᠂ ᠭᠠᠷᠴᠤ ᠮᠡᠳᠡᠬᠦ ᠡᠯ᠎ᠡ ᠵᠦᠢᠯ ᠤᠨ ᠪᠠᠶᠢᠳᠠᠯ ᠢ ᠭᠦᠢᠴᠡᠳ ᠪᠣᠳᠣᠯᠬᠢᠯᠠᠵᠤ᠂ ᠡᠯ᠎ᠡ ᠭᠤᠭᠴᠤᠭ᠎ᠠ ᠶᠢᠨ ᠠᠵᠢᠯ ᠢ ᠨᠠᠷᠢᠯᠢᠭ ᠯᠠᠪᠳᠠᠭᠤᠨ ᠪᠠᠲᠤᠲᠠᠢ ᠬᠢᠵᠤ᠂ ᠡᠷᠦᠢ ᠬᠤᠷᠤᠢ ᠦᠭᠡᠢ ᠪᠠᠶᠢᠬᠤ᠂ ᠡᠮᠬᠢ ᠵᠠᠮᠪᠠᠷᠠᠭ᠎ᠠ ᠦᠭᠡᠢ ᠲᠠᠶᠢᠯᠠᠯᠳᠤᠭᠠᠨ ᠢ ᠶᠠᠭᠠᠬᠢᠭᠰᠠᠨ ᠴᠦ ᠬᠢᠵᠦ ᠪᠣᠯᠬᠤ ᠦᠭᠡᠢ ᠭᠡᠵᠤ ᠲᠥᠪ ᠴᠢᠩᠭ᠎ᠠ ᠵᠢᠭᠠᠵᠤ ᠭᠠᠷᠭᠠᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠠᠮᠠᠷᠠᠯᠳᠠ ᠦᠭᠡᠢ ᠡᠷᠡᠯᠬᠡᠭᠯᠡᠨ ᠲᠡᠮᠡᠴᠡᠵᠦ᠂ ᠮᠠᠰᠢ ᠵᠦᠳᠡᠷᠡᠯ ᠲᠠᠢ ᠪᠠᠶᠢᠨ᠎ᠠ᠂ ᠡᠯ᠎ᠡ ᠲᠠᠯ᠎ᠠ ᠶᠢᠨ ᠬᠢᠨ ᠢᠯᠡᠭᠦᠬᠡᠨ ᠥᠢᠯᠠᠭᠠᠨ ᠳᠡᠮᠵᠢᠬᠦ ᠬᠡᠷᠡᠭᠲᠡᠢ ᠭᠡᠵᠦ ᠬᠡᠯᠡᠪᠡ᠃ ᠰᠢᠤᠸᠠᠢ ᠹᠦ᠋ ᠬᠤᠸᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ᠂ ᠱᠢ ᠲᠠᠢ ᠹᠧᠩ ᠡᠭᠦᠳᠡᠨ ᠳᠠᠬᠢ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠬᠠᠯᠠᠭᠤᠨ ᠢ ᠬᠡᠮᠵᠢᠬᠦ᠂ ᠵᠢᠵᠢᠭᠦᠷᠯᠡᠨ ᠰᠠᠬᠢᠵᠦ ᠪᠠᠶᠢᠭ᠎ᠠ ᠵᠡᠷᠭᠡ ᠪᠠᠶᠢᠳᠠᠯ ᠢ ᠪᠠᠶᠢᠴᠠᠭᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠳᠠ ᠶᠢᠨ ᠦᠯᠢᠭᠡᠷ ᠶᠠᠩᠵᠦ ᠠᠪᠬᠤ ᠴᠡᠭ ᠲᠤ ᠬᠦᠷᠴᠦ᠂ ᠦᠯᠢᠭᠡᠷ ᠶᠠᠩᠵᠦ ᠠᠪᠴᠤ ᠳᠠᠩᠰᠠᠯᠠᠬᠤ ᠶᠠᠪᠤᠴᠠ ᠶᠢ ᠨᠠᠷᠢᠨ ᠪᠠᠶᠢᠴᠠᠭᠠᠨ ᠦᠵᠡᠪᠡ᠃ ︽ᠰᠠᠭᠤᠭᠠᠯᠢ ᠠᠷᠠᠳ ᠤᠨ ᠲᠣᠭᠤᠷᠢᠭ ᠲᠤ ᠪᠠᠰᠠ ᠪᠠᠶᠢᠴᠠᠭᠠᠯᠲᠠ ᠬᠢᠭᠡᠳᠦᠢ ᠬᠥᠮᠦᠨ ᠬᠡᠳᠦᠶ ᠪᠠᠶᠢᠬᠤ᠂ ᠪᠤᠰᠤᠳ ᠭᠠᠵᠠᠷ ᠲᠤ ᠬᠦᠷᠴᠦ ᠪᠠᠶᠢᠴᠠᠭᠠᠯᠲᠠ ᠬᠢᠭᠰᠡᠨ ᠬᠥᠮᠦᠨ ᠪᠠᠶᠢᠬᠤ ᠡᠰᠡᠬᠦ ᠶᠢ ᠬᠡᠷᠬᠢᠨ ᠢᠯᠭᠠᠨ ᠳᠣᠲᠣᠯᠠᠬᠤ ᠪᠣᠶ︖︾ ᠬᠡᠳ ᠲᠡᠷᠡ ᠮᠠᠰᠢ ᠨᠠᠷᠢᠯᠢᠭ ᠠᠰᠠᠭᠤᠵᠤ ᠪᠠᠶᠢᠪᠠ᠃ ᠲᠡᠷᠡ᠂ ᠪᠠᠶᠢᠴᠠᠭᠠᠯᠲᠠ ᠶᠢᠨ ᠶᠠᠪᠤᠴᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠯ᠎ᠡ ᠭᠤᠭᠴᠤᠭ᠎ᠠ  ᠶᠢ ᠬᠤᠭᠤᠷᠣᠨᠳᠣ ᠨᠢ ᠵᠣᠯᠭᠠᠭᠤᠯᠤᠨ ᠲᠥᠬᠦᠷᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠳᠤ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ ᠶᠢ ᠪᠠᠶᠢᠴᠠᠭᠠᠨ ᠳᠣᠲᠣᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
1.jpg
2.jpg
      ᠲᠠᠷᠢᠶᠠᠯᠠᠩ ᠤᠨ ᠪᠥᠲᠦᠭᠡᠭᠳᠡᠭᠦᠨ ᠢ ᠪᠥᠭᠡᠮ ᠢᠶᠠᠷ ᠪᠣᠷᠤᠯᠠᠭᠤᠯᠬᠤ ᠵᠠᠬ᠎ᠠ ᠳᠡᠯᠭᠡᠭᠦᠷ ᠨᠢ ᠣᠯᠠᠨ ᠲᠦᠮᠡᠨ ᠤ ᠡᠳᠦᠷ ᠳᠤᠳᠤᠮ ᠤᠨ ᠠᠮᠢᠳᠤᠷᠠᠯ ᠤᠨ ᠡᠳ᠋ ᠪᠤᠳᠠᠰ ᠤᠨ ᠬᠠᠩᠭᠠᠯᠭ᠎ᠠ ᠶᠢ ᠪᠠᠲᠤᠯᠠᠬᠤ ᠡᠭᠦᠷᠭᠡ ᠲᠠᠢ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠠᠵᠠᠷ ᠪᠣᠯᠤᠨ᠎ᠠ᠃ ᠱᠢ ᠲᠠᠢ ᠹᠧᠩ ᠳ᠋ᠦᠩ ᠸᠠ ᠶᠣᠣ ᠲᠠᠷᠢᠶᠠᠯᠠᠩ ᠤᠨ ᠲᠤᠰᠠᠯᠠᠬᠤ ᠪᠥᠲᠦᠭᠡᠭᠳᠡᠭᠦᠨ ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠲᠤ ᠬᠦᠷᠴᠦ᠂ ᠪᠠᠷᠠᠭ᠎ᠠ ᠬᠤᠳᠠᠯᠳᠤᠨ ᠠᠪᠴᠤ ᠪᠠᠶᠢᠭ᠎ᠠ ᠤᠯᠠᠨ ᠲᠦᠮᠡᠨ ᠲᠠᠢ ᠬᠠᠮᠲᠤ ᠪᠡᠶ᠎ᠡ ᠶᠢᠨ ᠬᠠᠯᠠᠭᠤᠨ ᠢᠶᠠᠨ ᠪᠠᠶᠢᠴᠠᠭᠠᠯᠭᠠᠪᠠ᠃ ᠤᠰᠤᠨ ᠭᠠᠷᠤᠯᠲᠠ ᠳᠠᠯᠠᠢ ᠶᠢᠨ ᠢᠳᠡᠭᠡᠨ ᠪᠠ ᠤᠯᠠᠭᠠᠨ ᠢᠳᠡᠭᠡᠨ ᠤ ᠶᠡᠭᠡ ᠲᠢᠩᠬᠢᠮ ᠳᠤ᠂ ᠲᠡᠷᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠬᠦ ᠶᠢᠨ ᠬᠠᠮᠳᠤ᠂︽ᠬᠠᠮᠢᠭ᠎ᠠ ᠠᠴᠠ ᠣᠷᠣᠭᠤᠯᠤᠭᠰᠠᠨ ᠪᠠᠷᠠᠭ᠎ᠠ ᠪᠤᠢ᠂ ᠦᠢᠯᠡᠳᠬᠦᠨ ᠳᠤ ᠬᠢᠵᠢᠭ ᠤᠨ ᠪᠠᠶᠢᠴᠠᠭᠠᠯᠲᠠ ᠬᠢᠭᠰᠡᠨ ᠤᠤ︖︾ ᠭᠡᠵᠤ ᠠᠰᠠᠭᠤᠵᠤ ᠪᠠᠶᠢᠯ᠎ᠠ᠂ ᠲᠡᠷᠡ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠨᠢ ᠱᠠᠭᠠᠷᠳᠠᠯᠭ᠎ᠠ ᠶᠣᠰᠣᠭᠠᠷ ᠦᠨᠡᠮᠯᠡᠯ ᠪᠣᠯᠤᠨ ᠪᠠᠷᠢᠮᠲᠠ ᠠᠪᠬᠤ ᠬᠡᠷᠡᠭᠳᠡᠢ᠂ ᠬᠢᠵᠢᠭ ᠪᠠᠶᠢᠴᠠᠭᠠᠬᠤ ᠰᠢᠯᠭᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠭᠡᠷᠡᠴᠢᠯᠡᠯ ᠦᠭᠡᠶ ᠪᠤᠯ ᠵᠠᠬ᠎ᠠ ᠳᠡᠯᠭᠡᠭᠦᠷ ᠲᠤ ᠪᠣᠷᠣᠯᠠᠭᠤᠯᠵᠤ ᠪᠣᠯᠬᠤ ᠦᠭᠡᠶ᠂ ᠡᠯ᠎ᠡ ᠲᠥᠷᠥᠯ ᠤᠨ ᠢᠳᠡᠭᠡᠨ ᠢᠯᠠᠩᠭᠤᠶ᠎ᠠ ᠬᠦᠢᠲᠡᠨ ᠢᠶᠠᠷ ᠬᠠᠳᠠᠭᠠᠯᠠᠵᠦ ᠵᠦᠭᠡᠭᠡᠪᠦᠷᠢᠯᠡᠬᠦ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠣᠨᠴᠠ ᠵᠠᠷᠢᠮ ᠳᠡᠯᠭᠡᠭᠦᠷ ᠤᠨ ᠡᠵᠡᠨ ᠤ ᠠᠮᠠᠪᠴᠢ ᠵᠡᠭᠦᠵᠤ ᠪᠠᠶᠢᠬᠤ ᠨᠢ ᠵᠢᠷᠤᠮᠵᠢᠯ ᠥᠬᠡᠶ ᠪᠠᠶᠢᠬᠤ ᠶᠢ ᠣᠯᠵᠤ ᠦᠵᠡᠭᠡᠳ ᠱᠢ ᠲᠠᠢ ᠹᠧᠩ ᠲᠡᠳᠡᠨ ᠢ ᠰᠢᠨᠵᠢᠯᠡᠬᠦ ᠤᠬᠠᠭᠠᠨᠴᠢ ᠪᠠᠷ ᠵᠡᠭᠦᠵᠦ᠂ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ ᠭᠡᠵᠦ ᠰᠠᠨᠠᠭᠤᠯᠪᠠ᠃
3.jpg
      ᠬᠤᠳᠠᠯᠳᠤᠭᠠᠨ ᠤ ᠲᠠᠯᠠᠪᠤᠷ ᠪᠤᠯ ᠬᠥᠮᠦᠨ ᠤ ᠤᠷᠤᠰᠬᠠᠯ᠂ ᠪᠠᠷᠠᠭᠠᠨ ᠤ ᠭᠦᠢᠯᠭᠡᠭᠡ ᠲᠥᠪᠯᠡᠷᠡᠳᠡᠭ ᠭᠠᠵᠠᠷ ᠪᠠᠶᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠣᠷᠤᠨ ᠪᠠᠶᠢᠷᠢ ᠪᠠ ᠪᠠᠭᠤᠷᠠᠢ ᠭᠤᠭᠴᠤᠭ᠎ᠠ ᠪᠣᠯᠤᠨ᠎ᠠ᠃ ᠱᠢ ᠲᠠᠢ ᠹᠧᠩ ᠰᠢᠨᠬᠤᠸᠠ ᠵᠡᠭᠡᠯᠢ ᠶᠢᠨ ᠸᠠᠨ ᠳ᠋ᠠ ᠠᠭᠤᠳᠠᠮ ᠲᠠᠯᠠᠪᠠᠢ ᠳᠤ ᠬᠦᠷᠴᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠪᠠ᠃ ︽ᠡᠨᠡ ᠬᠡᠳᠦᠨ ᠡᠳᠦᠷ ᠵᠣᠴᠢᠳ ᠠᠷᠪᠢᠨ ᠦᠦ ᠥᠬᠡᠶ ᠦᠦ᠂ ᠳᠡᠯᠭᠡᠭᠦᠷ ᠤᠨ ᠠᠵᠢᠯᠲᠠᠳ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠭᠰᠡᠨ ᠦᠦ ᠥᠬᠡᠶ ᠦᠦ︖︾ ᠭᠡᠵᠦ ᠳᠡᠯᠭᠡᠭᠦᠷ ᠪᠣᠯᠭᠠᠨ ᠳᠤ ᠬᠦᠷᠬᠦ ᠪᠦᠷᠢ ᠲᠡᠷᠡ ᠨᠠᠷᠢᠯᠢᠭ ᠠᠰᠠᠭᠤᠵᠤ᠂ ᠲᠡᠳᠡᠨ ᠢ ᠲᠤᠰ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠶᠠᠭᠠᠬᠢᠭᠰᠠᠨ ᠴᠤ ᠤᠮᠳᠤᠭᠠᠶᠢᠯᠠᠵᠤ ᠪᠣᠯᠬᠤ ᠦᠭᠡᠢ ᠭᠡᠵᠦ ᠵᠠᠬᠢᠪᠠ᠃ ᠲᠡᠷᠡ᠂ ᠬᠤᠳᠠᠯᠳᠤᠭᠠᠨ ᠤ ᠲᠠᠯᠠᠪᠤᠷ᠂ ᠬᠠᠮ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠭᠠᠵᠠᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠩᠭᠤᠵᠢᠭᠤᠯᠤᠨ ᠪᠠᠶᠢᠴᠠᠭᠠᠵᠤ᠂ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠬᠥᠮᠦᠨ ᠬᠠᠷ᠎ᠠ᠂ ᠲᠠᠸᠠᠷ᠂ ᠣᠷᠴᠢᠨ ᠲᠣᠭᠤᠷᠢᠨ ᠢᠶᠠᠨ ᠬᠠᠮᠲᠤ ᠪᠠᠷ ᠪᠠᠶᠢᠴᠠᠭᠠᠵᠤ ᠬᠠᠮᠲᠤ ᠪᠠᠷ ᠰᠡᠷᠭᠡᠶᠢᠯᠡᠵᠦ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
4.jpg
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠤᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ