ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠮᠢᠨᠦ᠋ᠲ ᠰᠧᠺᠦ᠋ᠨ᠋ᠳ᠋ ᠴᠦ ᠬᠦᠯᠢᠶᠡᠯ ᠦᠭᠡᠢ ᠥᠴᠥᠬᠡᠨ ᠴᠦ ᠣᠰᠣᠯᠳᠠᠯ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/27

      10 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠴᠥᠭᠡᠳᠦᠷ ᠤᠨ ᠪᠠᠶᠢᠷᠢᠯᠠᠭᠤᠯᠤᠭᠰᠠᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠ ᠥᠴᠥᠭᠡᠳᠦᠷ ᠰᠥᠨᠢ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠬᠤᠴᠣᠷᠭᠠᠵᠤ ᠠᠪᠤᠭᠰᠠᠨ ᠵᠢᠭᠤᠯᠴᠢᠯᠠᠭᠰᠠᠳ ᠲᠤ ᠦᠢᠯᠡᠴᠢᠯᠡᠭᠡ ᠪᠠᠲᠤᠯᠠᠭ᠎ᠠ ᠬᠠᠩᠭᠠᠬᠤ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠡᠮᠨᠡᠯᠭᠡ ᠶᠢᠨ ᠬᠤᠷᠢᠶ᠎ᠠ ᠰᠢᠯᠵᠢᠭᠦᠯᠵᠦ ᠡᠮᠨᠡᠨ ᠵᠠᠰᠠᠬᠤ ᠵᠡᠷᠭᠡ ᠠᠵᠢᠯ ᠢ ᠰᠤᠳᠤᠯᠪᠠ᠃ ᠲᠡᠷᠡ᠂ ᠮᠢᠨᠦ᠋ᠲ ᠰᠧᠺᠦ᠋ᠨ᠋ᠳ᠋ ᠴᠦ ᠬᠦᠯᠢᠶᠡᠯ ᠦᠭᠡᠢ᠂ ᠥᠴᠥᠬᠡᠨ ᠴᠦ ᠣᠰᠣᠯᠳᠠᠯ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠸᠠᠩ ᠯᠢ ᠰᠢᠶᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠤᠴᠣᠷᠭᠠᠵᠤ ᠠᠪᠤᠭᠰᠠᠨ ᠵᠢᠭᠤᠯᠴᠢᠯᠠᠭᠰᠠᠳ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠪᠣᠯᠣᠨ ᠡᠷᠭᠢᠵᠦ ᠪᠤᠴᠠᠬᠤ ᠠᠵᠢᠯ ᠢ ᠵᠣᠬᠢᠶᠠᠨ ᠪᠠᠶᠢᠭᠤᠯᠬᠤ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠢᠭᠡᠨᠲᠡ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠂ ᠵᠠᠩᠭᠢᠯᠠᠭ᠎ᠠ ᠨᠢ ᠨᠠᠷᠢᠨ ᠨᠢᠭᠲᠠ ᠣᠨᠣᠴᠠᠲᠠᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ ᠠᠵᠢᠯᠯᠠᠬᠤ ᠲᠤᠰᠬᠠᠢ ᠠᠩᠭᠢ ᠨᠢ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ᠂ ᠴᠠᠭ ᠪᠠ ᠬᠦᠴᠦᠨ ᠢᠶᠠᠨ ᠲᠥᠪᠯᠡᠷᠡᠭᠦᠯᠵᠦ᠂ ᠬᠠᠷᠭᠤᠭᠤᠯᠤᠨ ᠵᠥᠪᠰᠢᠶᠡᠷᠡᠵᠦ ᠪᠣᠳᠠᠲᠠᠶᠢᠵᠢᠭᠤᠯᠤᠭᠰᠠᠨ ᠨᠠᠷᠢᠯᠢᠭ ᠮᠡᠳᠡᠭᠡ ᠵᠠᠩᠭᠢ ᠶᠢ ᠴᠢᠨᠠᠭᠰᠢᠳᠠ ᠲᠣᠳᠣᠷᠬᠠᠢ ᠣᠶᠢᠯᠠᠭᠠᠵᠤ᠂ ᠠᠵᠢᠯ ᠤᠨ ᠲᠥᠰᠥᠯ ᠢ ᠲᠥᠷᠥᠯ ᠬᠤᠪᠢᠶᠠᠨ ᠨᠠᠷᠢᠯᠢᠭᠵᠢᠭᠤᠯᠵᠤ᠂ ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠠᠪᠴᠤ ᠪᠤᠴᠠᠭᠠᠬᠤ ᠲᠣᠬᠢᠷᠠᠭᠤᠯᠤᠯᠲᠠ ᠬᠢᠬᠦ ᠬᠡᠷᠡᠭᠲᠡᠢ᠃ ᠬᠤᠴᠣᠷᠭᠠᠵᠤ ᠠᠪᠤᠭᠰᠠᠨ ᠵᠢᠭᠤᠯᠴᠢᠯᠠᠭᠰᠠᠳ ᠤᠨ ᠢᠷᠡᠭᠰᠡᠨ ᠭᠠᠵᠠᠷ᠂ ᠬᠦᠷᠦᠭᠰᠡᠨ ᠭᠠᠵᠠᠷ᠂ ᠥᠩᠭᠡᠷᠡᠭᠰᠡᠨ ᠭᠠᠵᠠᠷ ᠲᠠᠢ ᠴᠡᠭ ᠲᠣᠭᠲᠠᠭᠠᠵᠤ ᠣᠯᠣᠯᠴᠠᠨ ᠵᠣᠯᠭᠠᠭᠤᠯᠵᠤ᠂ ᠪᠦᠬᠦ ᠶᠠᠪᠤᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠪᠠᠲᠤᠯᠠᠭ᠎ᠠ᠂ ᠠᠮᠢᠳᠤᠷᠠᠯ ᠤᠨ ᠦᠢᠯᠡᠴᠢᠯᠡᠭᠡ ᠵᠡᠷᠭᠡ ᠠᠵᠢᠯ ᠢ ᠨᠢᠭᠲᠠ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠵᠢᠭᠤᠯᠴᠢᠯᠠᠭᠰᠠᠳ ᠤᠨ ᠪᠤᠴᠠᠬᠤ ᠵᠠᠮ ᠳᠤᠨᠢ ᠲᠤᠯᠭᠠᠷᠠᠵᠤ ᠮᠡᠳᠡᠬᠦ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠭᠦᠢᠴᠡᠳ ᠪᠣᠳᠣᠯᠬᠢᠯᠠᠨ᠂ ᠨᠠᠷᠢᠨ ᠨᠢᠭᠲᠠ ᠲᠣᠬᠢᠷᠠᠭᠤᠯᠵᠤ᠂ ᠪᠦᠷᠢᠨ ᠲᠡᠭᠦᠯᠳᠡᠷ ᠲᠥᠰᠥᠯ ᠢ ᠵᠣᠬᠢᠶᠠᠨ᠂ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠤᠴᠠᠬᠤ ᠠᠶᠠᠨ ᠨᠢ ᠲᠤᠶᠢᠯ ᠤᠨ ᠠᠮᠤᠷ ᠲᠦᠪᠰᠢᠨ᠂ ᠥᠴᠥᠬᠡᠨ ᠴᠦ ᠠᠯᠳᠠᠰᠢ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠸᠠᠩ ᠯᠢ ᠰᠢᠶᠠ᠂ ᠣᠳᠣ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠬᠠᠮᠤᠭ ᠤᠨ ᠵᠠᠩᠭᠢᠯᠠᠭ᠎ᠠ᠂ ᠬᠠᠮᠤᠭ ᠤᠨ ᠴᠢᠬᠤᠯᠠ ᠴᠠᠭ ᠮᠥᠴᠡ ᠳᠤ ᠣᠷᠣᠭᠠᠳ ᠪᠠᠶᠢᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠮᠤᠭ ᠤᠨ ᠲᠥᠪ ᠴᠢᠩᠭ᠎ᠠ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ᠃ ᠬᠠᠪᠲᠠᠭᠠᠶᠢᠵᠢᠭᠰᠠᠨ ᠬᠠᠮᠢᠶᠠᠷᠤᠯᠲᠠ ᠶᠢᠨ ᠵᠠᠭᠪᠤᠷ ᠢ ᠴᠢᠨᠠᠭᠰᠢᠳᠠ ᠨᠠᠷᠢᠯᠢᠭᠵᠢᠭᠤᠯᠵᠤ᠂ ᠠᠵᠢᠯ ᠤᠨ ᠠᠬᠢᠴᠠ ᠶᠢ ᠲᠦᠷᠭᠡᠳᠬᠡᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠠᠭ ᠮᠥᠴᠡ ᠲᠠᠢ ᠤᠷᠤᠯᠳᠤᠨ᠂ ᠱᠠᠯᠠᠪᠳᠠᠨ ᠲᠦᠷᠭᠡᠨ ᠰᠢᠢᠳᠪᠦᠷᠢᠯᠡᠵᠦ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠨᠠᠭᠰᠢᠳᠠ ᠲᠣᠪᠣᠶᠢᠯᠭᠠᠵᠤ᠂ ᠠᠵᠢᠯ ᠤᠨ ᠠᠯᠳᠠᠰᠢ ᠪᠣᠯᠣᠨ ᠪᠠᠭᠤᠷᠠᠢ ᠭᠤᠭᠴᠤᠭ᠎ᠠ ᠶᠢ ᠲᠠᠰᠤᠷᠠᠯᠲᠠ ᠦᠭᠡᠢ ᠵᠢᠭᠰᠠᠭᠠᠨ ᠪᠠᠶᠢᠴᠠᠭᠠᠵᠤ᠂ ᠳᠤᠲᠠᠭᠤᠳᠠᠯ ᠢᠶᠠᠨ ᠴᠠᠭ ᠲᠤᠬᠠᠢ ᠳᠤᠨᠢ ᠨᠥᠬᠦᠪᠦᠷᠢᠯᠡᠵᠦ᠂ ᠭᠡᠮ ᠰᠣᠭᠤᠭ ᠢ ᠠᠷᠢᠯᠭᠠᠵᠤ᠂ ᠴᠡᠭ ᠪᠠᠶᠢᠷᠢ ᠶᠢᠨ ᠬᠠᠮᠢᠶᠠᠷᠤᠯᠲᠠ ᠶᠢ ᠦᠨᠡᠨ ᠬᠦ ᠨᠡᠩ ᠴᠢᠩᠭᠠᠳᠬᠠᠵᠤ᠂ ᠨᠡᠶᠢᠳᠡᠮ ᠳᠤᠨᠢ ᠰᠡᠷᠭᠡᠶᠢᠯᠡᠨ ᠡᠵᠡᠮᠳᠡᠬᠦ ᠶᠢ ᠨᠡᠩ ᠣᠨᠣᠪᠴᠢᠲᠠᠢ ᠪᠣᠯᠭᠠᠵᠤ᠂ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠨᠡᠩ ᠪᠦᠲᠦᠮᠵᠢᠲᠡᠢ ᠪᠣᠯᠭᠠᠵᠤ᠂ ᠭᠤᠭᠴᠤᠭ᠎ᠠ ᠨᠢᠭᠡ ᠪᠦᠷᠢ ᠶᠢ ᠰᠠᠶᠢᠲᠤᠷ ᠡᠵᠡᠮᠳᠡᠵᠦ᠂ ᠭᠤᠭᠴᠤᠭ᠎ᠠ ᠨᠢᠭᠡ ᠪᠦᠷᠢ ᠶᠢ ᠰᠠᠶᠢᠲᠤᠷ ᠠᠩᠬᠠᠷᠴᠤ᠂ ᠠᠷᠭ᠎ᠠ ᠬᠡᠮᠵᠢᠶ᠎ᠡ ᠨᠢᠭᠡ ᠪᠦᠷᠢ ᠶᠢ ᠪᠣᠳᠠᠲᠠᠶᠢᠵᠢᠭᠤᠯᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠨᠢ ᠦᠨᠡᠨ ᠬᠦ ᠪᠢᠲᠡᠭᠦᠮᠵᠢ ᠲᠠᠢ ᠪᠠᠶᠢᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠪᠦᠲᠦᠮᠵᠢᠲᠡᠢ ᠪᠠᠶᠢᠯᠭᠠᠵᠤ᠂ ᠪᠦᠬᠦ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠲᠠᠬᠤᠯ ᠡᠪᠡᠳᠴᠢᠨ ᠢ ᠪᠠᠶᠢᠴᠠᠭᠠᠵᠤ ᠡᠬᠢ ᠰᠤᠷᠪᠤᠯᠵᠢ ᠶᠢ ᠮᠥᠷᠳᠡᠬᠦ ᠵᠡᠷᠭᠡ ᠠᠵᠢᠯ ᠤᠨ ᠬᠤᠷᠳᠤᠴᠠ ᠶᠢ ᠲᠦᠷᠭᠡᠳᠬᠡᠵᠦ᠂ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠡᠮᠨᠡᠯᠭᠡ ᠶᠢᠨ ᠬᠤᠷᠢᠶ᠎ᠠ ᠰᠢᠯᠵᠢᠭᠦᠯᠬᠦ ᠠᠵᠢᠯ ᠢ ᠰᠠᠶᠢᠲᠤᠷ ᠠᠳᠬᠤᠵᠤ᠂ ᠠᠯᠢᠪᠠ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠵᠦ ᠪᠠᠶᠢᠭᠠᠳ ᠡᠪᠡᠳᠴᠢᠲᠡᠨ ᠢ ᠠᠪᠤᠷᠠᠨ ᠡᠮᠨᠡᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠴᠠ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ᠠᠵᠢᠯᠲᠠᠨ᠂ ᠡᠳ᠋ ᠪᠣᠳᠠᠰ᠂ ᠲᠥᠬᠦᠭᠡᠷᠦᠮᠵᠢ ᠶᠢᠨ ᠲᠣᠬᠢᠷᠠᠭᠤᠯᠤᠯᠲᠠ ᠬᠠᠩᠭᠠᠯᠭ᠎ᠠ ᠶᠢ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠵᠦ᠂ ᠡᠮᠦᠨ᠎ᠡ ᠹᠷᠣᠨᠲ ᠤᠨ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠭᠦᠢᠴᠡᠳ ᠪᠠᠲᠤᠯᠠᠬᠤ ᠬᠡᠷᠡᠭᠲᠡᠢ᠃ ᠤᠬᠠᠭᠤᠯᠤᠨ ᠳᠠᠶᠢᠴᠢᠯᠠᠯᠲᠠ ᠪᠠᠨ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠠᠮᠢᠶᠠᠷᠴᠤ ᠪᠠᠶᠢᠭᠠᠳ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠧᠦ ᠶᠠᠩ ᠰᠢᠶᠣᠣ ᠬᠤᠢ᠂ ᠾᠧᠩ ᠰᠢᠶᠣᠣ ᠹᠠᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠯᠠᠱᠠ ᠠᠶᠢᠮᠠᠭ᠂ ᠡᠵᠡᠨ᠎ᠡ ᠬᠤᠰᠢᠭᠤᠨ ᠤ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ