ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/29
     10 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠯᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠧᠩ ᠶᠧ ᠭᠤᠣᠯ ᠰᠡᠳᠦᠪ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠢᠶᠠ ᠱᠤᠸᠠᠩ ᠸᠧᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠲᠣᠭᠲᠠᠭᠠᠯ ᠤᠨ ᠭᠠᠵᠠᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠢᠶᠣᠣ ᠰᠢᠤᠸᠠᠢ ᠵᠢᠶᠦ᠋ᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

1.jpg

 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠨᠡᠶᠢᠲᠡᠯᠡᠭᠰᠡᠨ ᠦᠭᠡ

     ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ  ᠵᠢᠶᠠ ᠯᠢ

     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠵᠤ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 251 ᠳ᠋ᠦ᠋ᠭᠡᠷ ᠵᠠᠷᠯᠢᠭ ᠢᠶᠠᠷ ᠨᠡᠶᠢᠲᠡᠯᠡᠵᠦ᠂ 2021 ᠣᠨ ᠤ 11 ᠳ᠋ᠦ᠋ᠭᠡᠷ ᠰᠠᠷ᠎ᠠ ᠶᠢᠨ 1 ᠤ

ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠣᠣᠷ᠎ᠠ ᠪᠢ ︽ᠠᠷᠭ᠎ᠠ︾ ᠶᠢ ᠨᠡᠶᠢᠲᠡᠯᠡᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠲᠣᠪᠴᠢᠬᠠᠨ ᠲᠠᠨᠢᠯᠴᠠᠭᠤᠯᠤᠶ᠎ᠠ᠃

     ᠨᠢᠭᠡ᠂ ︽ᠠᠷᠭ᠎ᠠ︾ ᠶᠢ ᠲᠣᠭᠲᠠᠭᠠᠬᠤ ᠶᠢᠨ ᠴᠢᠬᠤᠯᠠ ᠴᠢᠨᠠᠷ

     ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ

ᠺᠣᠳ᠋ ᠢᠶᠠᠷ ᠰᠠᠭᠤᠷᠢᠯᠠᠭᠰᠠᠨ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠦᠷᠢᠮ ᠢ

ᠪᠠᠶᠢᠭᠤᠯᠤᠨ᠎ᠠ ᠭᠡᠵᠦ ᠳᠤᠷᠠᠳᠴᠠᠢ᠃ 2015 ᠣᠨ ᠤ 6 ᠳ᠋ᠤᠭᠠᠷ ᠰᠠᠷ᠎ᠠ ᠶᠢᠨ 11 ᠤ ᠡᠳᠦᠷ ᠤᠨ ︽ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ

ᠰᠠᠯᠠᠭ᠎ᠠ ᠮᠥᠴᠢᠷ ᠤᠨ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠦᠷᠢᠮ ᠤᠨ

ᠪᠠᠶᠢᠭᠤᠯᠤᠯᠲᠠ ᠶᠢᠨ ᠶᠡᠷᠦᠩᠬᠡᠶ ᠲᠥᠰᠦᠯ ᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ

﹇2015﹈ 33 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠢᠶᠠᠷ

ᠰᠠᠭᠤᠷᠢᠯᠠᠭᠰᠠᠨ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠦᠷᠢᠮ ᠢ

ᠬᠡᠷᠡᠭᠵᠢᠭᠦᠯᠬᠦ ᠪᠠᠷ ᠵᠢᠩᠬᠢᠨᠢ ᠪᠠᠷ ᠲᠣᠭᠲᠠᠪᠠ᠃ 2020 ᠣᠨ ᠤ 8 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠳᠤ ᠬᠤᠯᠪᠣᠭᠳᠠᠬᠤ

ᠬᠦᠷᠢᠶᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠥᠪᠯᠡᠷᠡᠭᠦᠯᠦᠨ ᠢᠯᠭᠠᠷᠠᠭᠤᠯᠬᠤ ᠠᠵᠢᠯ ᠤᠨ ᠳᠤᠭᠤᠶᠢᠯᠠᠩ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ

ᠳᠤᠮᠳᠠ ᠢᠯᠡᠷᠡᠭᠦᠯᠦᠭᠰᠡᠨ ᠠᠵᠤ ᠠᠬᠤᠶᠢᠯᠠᠯ ᠤᠨ ᠭᠠᠶᠢᠯᠢ ᠲᠠᠲᠠᠪᠤᠷᠢᠯᠠᠬᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠳᠠᠩᠰᠠᠯᠠᠯᠲᠠ ᠶᠢ ᠬᠤᠪᠢᠷᠠᠭᠤᠯᠬᠤ᠂

ᠰᠲ᠋ᠣᠺ ᠤᠨ ᠡᠷᠬᠡ ᠶᠢ ᠬᠤᠪᠢᠷᠠᠭᠤᠯᠬᠤ ᠵᠡᠷᠭᠡ ᠲᠠᠯ᠎ᠠ ᠶᠢᠨ ᠠᠰᠠᠭᠤᠳᠠᠯ ᠢ ᠢᠯᠡᠷᠡᠭᠦᠯᠵᠦ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠤᠨ ᠰᠠᠭᠤᠷᠢ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠂

ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠳᠠᠩᠰᠠᠯᠠᠬᠤ ᠵᠦᠢᠯᠡᠰ ᠤᠨ

ᠭᠠᠷᠴᠠᠭ ᠢ ᠬᠥᠳᠡᠯᠦᠩᠭᠦᠶ ᠪᠠᠷ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ ᠭᠡᠵᠦ ᠳᠤᠷᠠᠳᠪᠠ᠃ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ

ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠺᠣᠳ᠋ ᠤᠨ ᠢᠳᠡᠪᠬᠢᠲᠡᠶ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠬᠤ ᠶᠢᠨ

ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠨᠢ ᠲᠦᠢᠯ ᠤᠨ ᠴᠢᠬᠤᠯᠠ ᠪᠠᠶᠢᠳᠠᠭ᠃

     ᠬᠤᠶᠠᠷ᠂ ︽ᠠᠷᠭ᠎ᠠ︾ ᠶᠢ ᠲᠣᠭᠲᠠᠭᠠᠭᠰᠠᠨ ᠶᠠᠪᠤᠴᠠ ᠪᠣᠯᠤᠨ ᠭᠤᠣᠯ ᠠᠭᠤᠯᠭ᠎ᠠ

     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ ᠬᠠᠤᠯᠢ ᠲᠣᠭᠲᠠᠭᠠᠬᠤ ᠲᠥᠯᠥᠪᠯᠡᠭᠡ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ

︵ᠲᠥᠰᠦᠯ︶︾ ᠶᠢ ᠬᠢᠨᠠᠭᠤᠯᠬᠤ ᠨᠣᠣᠷᠠᠭ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠠᠷᠢᠯᠢᠭ ᠬᠢᠨᠠᠵᠤ᠂ ᠵᠣᠬᠢᠴᠠᠭᠤᠯᠬᠤ ᠪᠠ

ᠵᠠᠰᠠᠪᠤᠷᠢ ᠣᠷᠣᠭᠤᠯᠵᠤ᠂ ᠡᠯ᠎ᠡ ᠠᠶᠢᠮᠠᠭ ᠬᠤᠳᠠ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠬᠤᠷᠢᠶᠠᠭᠰᠠᠨ ᠤ ᠬᠠᠮᠲᠤ

ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠦᠷᠢᠶᠡᠨ ᠳᠤ ᠬᠤᠯᠪᠣᠭᠳᠠᠬᠤ

ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ ᠢ ᠲᠥᠪᠯᠡᠷᠡᠭᠦᠯᠦᠨ ᠢᠯᠭᠠᠷᠠᠭᠤᠯᠬᠤ ᠠᠵᠢᠯ ᠤᠨ ᠳᠤᠭᠤᠶᠢᠯᠠᠩ ᠢᠶᠠᠷ ᠬᠢᠨᠠᠭᠤᠯᠵᠤ᠂ ︽ᠠᠷᠭ᠎ᠠ︾ ᠶᠢ ᠬᠡᠷᠡᠭᠵᠢᠭᠦᠯᠬᠦᠶᠢᠴᠡ

ᠴᠢᠨᠠᠷ ᠲᠠᠢ ᠪᠣᠯᠭᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠭᠦᠯᠪᠡ᠃

     ︽ᠠᠷᠭ᠎ᠠ︾ ᠨᠢ ᠨᠡᠶᠢᠲᠡ ᠬᠤᠷᠢᠨ ᠲᠠᠪᠤᠨ ᠵᠤᠷᠪᠤᠰ ᠲᠠᠢ᠂ ᠣᠯᠠᠨ ᠪᠢᠰᠢ ᠪᠣᠯᠪᠠᠴᠤ ᠠᠭᠤᠯᠭ᠎ᠠ ᠨᠢ ᠨᠡᠯᠢᠶᠡᠳ ᠪᠦᠷᠢᠨ ᠪᠠᠶᠢᠵᠤ᠂ ᠭᠤᠤᠯᠳᠠᠭᠤ ᠳᠣᠤᠷᠠᠬᠢ

ᠮᠡᠲᠦ ᠬᠡᠳᠦᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄

     ︵ᠨᠢᠭᠡ︶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠳᠠᠬᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠷᠬᠡ ᠮᠡᠳᠡᠯ ᠢ

ᠲᠣᠳᠣᠷᠬᠠᠶᠢᠯᠠᠪᠠ

     ︽ᠮᠡᠳᠡᠭᠳᠡᠯ︾ ᠢ ᠨᠡᠶᠢᠲᠡᠯᠡᠭᠰᠡᠨ ᠤ ᠳᠠᠷᠠᠭ᠎ᠠ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠲᠦᠷᠢᠮ ᠤᠨ ᠠᠵᠢᠯᠯᠠᠬᠤ ᠵᠠᠭᠪᠤᠷ

ᠪᠠ ᠬᠠᠮᠢᠶᠠᠷᠤᠯᠲᠠ ᠶᠢᠨ ᠠᠷᠭ᠎ᠠ ᠳᠤ ᠡᠳᠦᠶ ᠲᠡᠳᠦᠶ ᠬᠤᠪᠢᠷᠠᠯᠲᠠ ᠭᠠᠷᠴᠤ᠂ ᠬᠤᠯᠪᠣᠭᠳᠠᠭᠰᠠᠨ ᠰᠠᠯᠠᠭ᠎ᠠ ᠮᠥᠴᠢᠷ ᠨᠡᠯᠢᠶᠡᠳ ᠣᠯᠠᠨ ᠪᠣᠯᠵᠣ᠂ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠤᠨ ᠳᠡᠩᠰᠡᠯᠡᠯᠲᠡ ᠶᠢᠨ ᠬᠠᠮᠢᠶᠠᠷᠤᠯᠲᠠ ᠪᠠ ᠺᠣᠳ᠋ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ

ᠬᠠᠷᠢᠭᠤᠴᠠᠯᠭ᠎ᠠ ᠲᠣᠳᠣᠷᠬᠠᠶ ᠥᠬᠡᠶ ᠪᠣᠯᠪᠠ᠃ ︽ᠠᠷᠭ᠎ᠠ︾ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ᠂ ᠡᠯ᠎ᠡ ᠬᠤᠯᠪᠣᠭᠳᠠᠯ

ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂

ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠪᠡ᠃

     ︵ᠬᠤᠶᠠᠷ︶ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ

     ᠮᠡᠳᠡᠭᠡ ᠵᠠᠩᠭᠢ ᠶᠢᠨ ᠥᠨᠥᠴᠢᠨ ᠠᠷᠠᠯ ᠢ ᠡᠪᠳᠡᠬᠦ ᠶᠢᠨ ᠲᠥᠯᠥᠭᠡ᠂ ᠪᠦᠲᠦᠮᠵᠢᠲᠡᠶ ᠵᠣᠬᠢᠴᠠᠭᠤᠯᠤᠨ ᠬᠠᠮᠢᠶᠠᠷᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ

ᠬᠦᠷᠲᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ

ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠠᠮᠲᠤ ᠳᠤ ᠪᠠᠨ

ᠬᠦᠷᠲᠡᠬᠦ ᠲᠦᠷᠢᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠢᠶᠠᠷ ᠳᠠᠮᠵᠢᠭᠤᠯᠤᠨ ᠵᠠᠰᠠᠭ ᠤᠨ ᠣᠷᠳᠣᠨ ᠵᠢᠴᠢ ᠲᠡᠭᠦᠨ ᠤ

ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠬᠦ᠂ ᠬᠠᠮᠵᠢᠯᠴᠠᠨ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃

     ︵ᠭᠤᠷᠪᠠ︶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢᠨ ᠬᠡᠷᠡᠭᠯᠡᠯᠲᠡ ᠶᠢ ᠴᠢᠩᠭᠠᠳᠬᠠᠨ᠎ᠠ

     ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠨᠢ ᠤᠯᠤᠰ ᠤᠨ ᠬᠠᠤᠯᠢ ᠶᠢᠨ ᠡᠷᠬᠡᠲᠡᠨ ᠤ ᠳ᠋ᠠᠶᠢᠲ᠋ᠠ ᠶᠢᠨ ᠬᠥᠮᠥᠷᠭᠡ ᠶᠢᠨ ᠰᠠᠭᠤᠷᠢ

ᠮᠡᠳᠡᠭᠡ ᠵᠠᠩᠭᠢ ᠪᠣᠯᠤᠭᠰᠠᠨ ᠤ ᠬᠤᠪᠢ ᠳᠤ᠂ ᠴᠢᠬᠤᠯᠠ ᠮᠡᠳᠡᠭᠡ ᠵᠠᠩᠭᠢ ᠶᠢᠨ ᠡᠬᠢ ᠪᠠᠶᠠᠯᠢᠭ ᠪᠣᠯᠤᠨ᠎ᠠ᠃ ︽ᠠᠷᠭ᠎ᠠ︾ ᠳᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠂

ᠺᠣᠳ᠋ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠥᠮᠥᠷᠭᠡ ᠶᠢᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢᠨ ᠲᠠᠯ᠎ᠠ ᠶᠢᠨ

ᠪᠣᠳᠠᠲᠠᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠠᠶᠢᠴᠠᠭᠠᠨ ᠯᠠᠪᠯᠠᠬᠤ᠂ ᠵᠠᠰᠠᠭ ᠵᠠᠬᠢᠷᠭᠠᠨ ᠤ ᠵᠥᠪᠰᠢᠶᠡᠷᠡᠯ᠂ ᠲᠤᠬᠠᠶᠢᠯᠠᠭᠰᠠᠨ

ᠠᠵᠢᠯ ᠤᠨ ᠪᠦᠷᠢᠳᠬᠡᠯ᠂ ᠨᠡᠶᠢᠭᠡᠮ ᠤᠨ ᠢᠲᠡᠭᠡᠮᠵᠢ ᠵᠡᠷᠭᠡ ᠶᠢᠨ ᠬᠡᠷᠡᠭᠯᠡᠭᠡᠨ ᠤ ᠭᠤᠤᠯ ᠴᠣᠭᠴᠠ ᠶᠢᠨ ᠲᠡᠮᠳᠡᠭ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ

ᠨᠥᠬᠦᠴᠡᠯ ᠢ ᠰᠢᠯᠢᠳᠡᠭᠵᠢᠭᠦᠯᠬᠦ ᠳᠤ ᠳᠡᠮᠵᠢᠯᠭᠡ ᠦᠢᠯᠡᠴᠢᠯᠡᠭᠡ ᠬᠠᠩᠭᠠᠵᠤ᠂ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

     ᠭᠤᠷᠪᠠ᠂ ︽ᠠᠷᠭ᠎ᠠ︾ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ

     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠬᠠᠮᠢᠶᠠᠷᠤᠯᠲᠠ ᠶᠢᠨ ᠠᠵᠢᠯ ᠢ ᠨᠢᠭᠡᠳᠬᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠠᠷᠭ᠎ᠠ︾ ᠶᠢ ᠰᠤᠷᠤᠯᠴᠠᠬᠤ᠂ ᠤᠬᠠᠭᠤᠯᠬᠤ᠂

ᠲᠤᠭᠤᠰᠢᠯᠠᠭᠤᠯᠬᠤ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ︽ᠠᠷᠭ᠎ᠠ︾ ᠶᠢᠨ ᠬᠠᠤᠯᠢ ᠲᠣᠭᠲᠠᠭᠠᠬᠤ ᠵᠣᠷᠢᠯᠲᠠ ᠪᠠ ᠪᠣᠳᠠᠲᠠᠶ

ᠠᠭᠤᠯᠭ᠎ᠠ ᠶᠢ ᠬᠢᠨᠠᠮᠠᠭᠠᠶ ᠰᠤᠷᠤᠯᠴᠠᠨ ᠭᠦᠨᠵᠡᠭᠡᠶ ᠣᠶᠢᠯᠠᠭᠠᠵᠤ᠂ ᠡᠯ᠎ᠡ ᠵᠦᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ

ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠵᠠᠭᠤᠴᠢᠯᠠᠭᠤᠷ ᠢ ᠢᠳᠡᠪᠬᠢᠲᠡᠶ ᠪᠠᠷ ᠠᠰᠢᠭᠯᠠᠨ ︽ᠠᠷᠭ᠎ᠠ︾ ᠶᠢ ᠥᠷᠭᠡᠨ ᠢᠶᠠᠷ ᠤᠬᠠᠭᠤᠯᠵᠤ᠂ ᠥᠪᠡᠷᠲᠡᠭᠡᠨ ᠵᠠᠰᠠᠬᠤ

ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠡᠷᠡᠭᠲᠡᠶ᠃

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠣᠬᠢᠶᠠᠨ

ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ᠂ ᠣᠯᠠᠨ ᠵᠦᠢᠯ ᠤᠨ ᠠᠷᠭ᠎ᠠ ᠵᠠᠮ ᠢᠶᠠᠷ ᠨᠡᠶᠢᠭᠡᠮ ᠨᠡᠶᠢᠲᠡ ᠳᠤ ᠥᠷᠭᠡᠨ

ᠳᠡᠯᠭᠡᠷ ᠭᠦᠨ ᠭᠦᠨᠵᠡᠭᠡᠶ ᠤᠬᠠᠭᠤᠯᠭ᠎ᠠ ᠬᠢᠵᠦ᠂ ︽ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ

ᠬᠡᠷᠡᠭᠲᠡᠶ᠃ ᠡᠭᠦᠨ ᠤ ᠬᠠᠮᠲᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ︽ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠬᠠᠪᠰᠤᠷᠤᠨ ᠤᠬᠠᠭᠤᠯᠵᠤ᠂

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠨᠡᠶᠢᠭᠡᠮ ᠳᠠᠶᠠᠭᠠᠷ ᠲᠤ

ᠣᠶᠢᠯᠠᠭᠠᠭᠤᠯᠬᠤ ᠶᠢ ᠬᠦᠰᠡᠵᠦ ᠪᠠᠶᠢᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠪᠠᠷ ᠬᠢᠨᠠᠯᠲᠠ ᠲᠠᠯᠪᠢᠬᠤ ᠶᠢ

ᠪᠠᠶᠠᠷᠯᠠᠨ ᠤᠭᠲᠤᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠨᠢᠭᠡᠳᠦᠯᠲᠡᠢ ᠬᠠᠮᠢᠶᠠᠷᠤᠯᠲᠠ ᠵᠢᠴᠢ

ᠬᠡᠷᠡᠭᠯᠡᠭᠡᠨ ᠤ ᠲᠤᠬᠠᠢ ᠪᠦᠬᠦ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃

     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  

ᠹᠧᠩ ᠶᠧ

     ᠨᠢᠭᠡ᠂ ︽ᠠᠷᠭ᠎ᠠ︾ ᠶᠢᠨ ᠭᠤᠣᠯ ᠠᠭᠤᠯᠭ᠎ᠠ

     ︵ᠨᠢᠭᠡ︶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠡᠭᠦᠷᠭᠡ ᠬᠠᠷᠢᠭᠤᠴᠠᠯᠭ᠎ᠠ ᠶᠢᠨ ᠲᠤᠬᠠᠶ

     ︽ᠠᠷᠭ᠎ᠠ︾ ᠳᠤ ᠲᠣᠭᠲᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠤᠨ ᠳᠤᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ

ᠬᠠᠮᠵᠢᠯᠴᠠᠨ ᠰᠢᠢᠳᠪᠦᠷᠢᠯᠡᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠣᠷᠣᠨ ᠤ

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠳᠠᠮᠵᠢᠭᠤᠯᠬᠤ᠂ ᠬᠠᠮᠲᠤ ᠳᠤ ᠪᠠᠨ ᠬᠦᠷᠲᠡᠬᠦ ᠵᠡᠷᠭᠡ

ᠪᠠᠷᠢᠮᠵᠢᠶ᠎ᠠ ᠶᠢ ᠲᠣᠭᠲᠠᠭᠠᠵᠤ᠂ ᠺᠣᠳ᠋ ᠤᠨ ᠮᠡᠳᠡᠭᠡ ᠵᠠᠩᠭᠢ ᠲᠤᠭ᠎ᠠ ᠪᠠᠷᠢᠮᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯᠯᠠᠭᠤᠯᠬᠤ ᠪᠠ ᠬᠠᠮᠠᠭᠠᠯᠠᠵᠤ᠂ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠮᠡᠳᠡᠭᠡ ᠵᠠᠩᠭᠢ ᠶᠢ ᠬᠠᠷᠭᠤᠭᠤᠯᠵᠤ᠂ ᠺᠣᠳ᠋ ᠣᠯᠭᠤᠬᠤ ᠪᠠ ᠪᠤᠴᠠᠭᠠᠨ ᠳᠠᠮᠵᠢᠭᠤᠯᠬᠤ ᠮᠡᠳᠡᠭᠡ ᠵᠠᠩᠭᠢ ᠶᠢ ᠬᠢᠨᠠᠨ

ᠰᠢᠨᠵᠢᠯᠡᠵᠦ ᠦᠨᠡᠯᠡᠨ ᠵᠢᠱᠢᠵᠦ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠭᠤᠤᠯ ᠴᠣᠭᠴᠠ ᠳᠤ ᠮᠡᠳᠡᠭᠡ ᠵᠠᠩᠭᠢ ᠶᠢᠨ

ᠦᠢᠯᠡᠴᠢᠯᠡᠭᠡ ᠬᠠᠩᠭᠠᠨ᠎ᠠ︔ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠴᠠᠭ ᠲᠤᠬᠠᠶ ᠳᠤ ᠨᠢ ᠺᠣᠳ᠋ ᠣᠯᠭᠤᠬᠤ᠂ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠬᠤ ᠶᠢ ᠵᠣᠬᠢᠶᠠᠨ

ᠪᠠᠶᠢᠭᠤᠯᠵᠤ᠂ ᠰᠢᠰᠲ᠋ᠧᠮ ᠤᠨ ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠪᠠ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃

     ︵ᠬᠤᠶᠠᠷ︶ ᠴᠤᠷ ᠤᠨ ᠭᠠᠭᠴᠠ ᠴᠢᠨᠠᠷ ᠤᠨ ᠲᠤᠬᠠᠶ ᠵᠠᠷᠴᠢᠮ

     ︽ᠠᠷᠭ᠎ᠠ︾ ᠳᠤ ᠲᠣᠳᠣᠷᠬᠠᠶᠢᠯᠠᠭᠰᠠᠨ ᠢᠶᠠᠷ᠂ ᠨᠢᠭᠡ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠳᠤ ᠵᠥᠪᠬᠡᠨ ᠴᠣᠷ ᠤᠨ ᠭᠠᠭᠴᠠ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠲᠠᠢ ᠪᠠᠶᠢᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠦᠷᠭᠦᠯᠵᠢᠯᠡᠨ ᠣᠷᠣᠰᠢᠬᠤ ᠬᠤᠭᠤᠴᠠᠭᠠᠨ ᠳᠠᠬᠢ ᠦᠨᠳᠦᠰᠦᠨ ᠮᠡᠳᠡᠭᠡ ᠵᠠᠩᠭᠢ ᠳᠤ ᠶᠠᠮᠠᠷᠪᠠ ᠬᠤᠪᠢᠷᠠᠯᠲᠠ ᠭᠠᠷᠤᠭᠰᠠᠨ ᠴᠤ ᠲᠡᠭᠦᠨ ᠤ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠺᠣᠳ᠋ ᠢ ᠬᠤᠪᠢᠷᠠᠭᠤᠯᠬᠤ ᠥᠬᠡᠶ᠃

     ︵ᠭᠤᠷᠪᠠ︶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ᠂ ᠡᠮᠬᠢᠳᠬᠡᠬᠦ᠂ ᠬᠠᠷᠭᠤᠭᠤᠯᠬᠤ ᠪᠠ ᠵᠠᠯᠠᠷᠠᠭᠤᠯᠬᠤ ᠵᠢᠷᠤᠮ ᠤᠨ ᠲᠦᠷᠢᠮ ᠤᠨ

ᠲᠤᠬᠠᠶ

     ︽ᠠᠷᠭ᠎ᠠ︾ ᠳᠤ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠥᠯᠢᠶᠡᠨ ᠠᠪᠤᠭᠰᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ

ᠮᠡᠳᠡᠭᠡ ᠵᠠᠩᠭᠢ ᠶᠢ ᠬᠠᠷᠭᠤᠭᠤᠯᠬᠤ᠂ ᠴᠤᠭᠯᠠᠭᠤᠯᠬᠤ ᠵᠢᠴᠢ ᠳᠠᠪᠬᠤᠷ ᠺᠣᠳ᠋ ᠪᠤᠶᠤ ᠪᠤᠷᠤᠭᠤ ᠺᠣᠳ᠋ ᠢ ᠣᠯᠵᠤ ᠮᠡᠳᠡᠭᠰᠡᠨ ᠵᠡᠷᠭᠡ ᠪᠠᠶᠢᠳᠠᠯ ᠢ ᠥᠪᠡᠷᠲᠡᠭᠡᠨ ᠵᠠᠰᠠᠬᠤ

ᠣᠷᠣᠨ ᠤ ᠱᠠᠲᠤᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ ᠵᠠᠯᠠᠷᠠᠭᠤᠯᠬᠤ ᠠᠯᠬᠤᠮ ᠪᠠ ᠬᠤᠭᠤᠴᠠᠭ᠎ᠠ ᠶᠢ ᠲᠣᠳᠣᠷᠬᠠᠢ ᠲᠣᠭᠲᠠᠭᠠᠪᠠ᠃

     ︵ᠲᠦᠷᠪᠡ︶ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢᠨ ᠲᠤᠬᠠᠶ

     ︽ᠠᠷᠭ᠎ᠠ︾ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠨᠢᠭᠡᠳᠦᠯᠲᠡᠶ

ᠪᠣᠯᠭᠠᠬᠤ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ

ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠬᠠᠮᠲᠤ ᠳᠤ ᠪᠠᠨ ᠬᠦᠷᠲᠡᠬᠦ ᠳᠦᠷᠢᠮ ᠢ ᠲᠡᠭᠦᠯᠳᠡᠷᠵᠢᠭᠦᠯᠬᠦ ᠶᠢ ᠱᠠᠭᠠᠷᠳᠠᠪᠠ᠃

     ︵ᠲᠠᠪᠤ︶ ᠮᠡᠳᠡᠭᠡ ᠵᠠᠩᠭᠢ ᠶᠢᠨ ᠬᠡᠷᠡᠭᠯᠡᠯᠲᠡ ᠶᠢᠨ ᠲᠤᠬᠠᠶ

     ︽ᠠᠷᠭ᠎ᠠ︾ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠳᠠᠬᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠤᠭ᠎ᠠ ᠪᠠᠷᠢᠮᠲᠠ ᠶᠢ ᠨᠢᠭᠡᠳᠦᠯᠲᠡᠶ ᠬᠡᠷᠡᠭᠯᠡᠬᠦ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶᠢ

ᠲᠣᠳᠣᠷᠬᠠᠶ ᠲᠣᠭᠲᠠᠭᠠᠵᠠᠶ᠃ ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠪᠠᠷᠢᠮᠵᠢᠶ᠎ᠠ ᠶᠢᠨ

ᠰᠤᠳᠤᠯᠭᠠᠨ ᠢ ᠲᠤᠭ᠎ᠠ ᠪᠠᠷᠢᠮᠲᠠ ᠶᠢᠨ ᠪᠠᠷᠢᠮᠵᠢᠶ᠎ᠠ ᠪᠠ ᠲᠠᠪᠴᠠᠩ ᠤᠨ ᠦᠢᠯᠡᠴᠢᠯᠡᠭᠡᠨ ᠤ ᠵᠠᠯᠭᠠᠰᠤ ᠶᠢ ᠨᠢᠭᠡᠳᠦᠯᠲᠡᠶ ᠪᠣᠯᠭᠠᠵᠤ᠂ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠲᠠᠷᠬᠠᠯᠲᠠ ᠶᠢᠨ ᠪᠠᠶᠢᠳᠠᠯ᠂ ᠠᠵᠢᠯ ᠲᠥᠷᠥᠯ ᠤᠨ ᠣᠨᠴᠠᠯᠢᠭ᠂ ᠠᠵᠤ ᠠᠬᠤᠶ ᠶᠢᠨ ᠲᠥᠷᠥᠯ ᠵᠡᠷᠭᠡ ᠠᠭᠤᠯᠭ᠎ᠠ ᠶᠢ ᠵᠠᠳᠠᠯᠵᠤ᠂ ᠵᠠᠰᠠᠭ ᠤᠨ ᠣᠷᠳᠣᠨ

ᠵᠢᠴᠢ ᠲᠡᠭᠦᠨ ᠤ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ

ᠬᠥᠭᠵᠢᠯᠲᠡ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠷᠡᠭᠲᠡᠢ︔ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ

 ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠠᠶᠢᠴᠠᠭᠠᠨ

ᠯᠠᠪᠯᠠᠬᠤ᠂ ᠵᠠᠰᠠᠭ ᠵᠠᠬᠢᠷᠭᠠᠨ ᠤ ᠵᠥᠪᠰᠢᠶᠡᠷᠡᠯ᠂ ᠲᠤᠬᠠᠶᠢᠯᠠᠭᠰᠠᠨ ᠠᠵᠢᠯ ᠤᠨ ᠪᠦᠷᠢᠳᠬᠡᠯ᠂ ᠨᠡᠶᠢᠭᠡᠮ ᠤᠨ ᠢᠲᠡᠭᠡᠮᠵᠢ ᠵᠡᠷᠭᠡ ᠶᠢᠨ ᠬᠡᠷᠡᠭᠯᠡᠭᠡᠨ ᠤ ᠭᠤᠤᠯ ᠴᠣᠭᠴᠠ ᠶᠢᠨ

ᠲᠡᠮᠳᠡᠭ ᠪᠠ ᠰᠢᠰᠲ᠋ᠧᠮ ᠢ ᠨᠡᠶᠢᠳᠬᠡᠬᠦ᠂ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢᠨ ᠰᠠᠭᠤᠷᠢ ᠲᠤᠭ᠎ᠠ ᠪᠠᠷᠢᠮᠲᠠ

ᠪᠣᠯᠭᠠᠬᠤ ᠬᠡᠷᠡᠭᠲᠡᠶ︔ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠢ ᠡᠯᠧᠺᠲᠷᠣᠨ ᠵᠠᠰᠠᠭ ᠤᠨ ᠶᠠᠪᠤᠳᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠠᠬᠢ ᠨᠢᠭᠡᠳᠦᠯᠲᠡᠶ

ᠬᠡᠷᠡᠭᠯᠡᠬᠦ ᠶᠢ ᠠᠬᠢᠭᠤᠯᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ᠂ ᠬᠠᠤᠯᠢ

ᠶᠣᠰᠣᠭᠠᠷ ᠪᠡᠶ᠎ᠡ ᠶᠢᠨ ᠦᠨᠡᠮᠯᠡᠯ ᠭᠠᠷᠭᠠᠬᠤ ᠴᠢᠬᠤᠯᠠ ᠲᠠᠢ ᠪᠠᠶᠢᠪᠠᠯ᠂ ᠭᠦᠢᠴᠡᠳᠬᠡᠬᠦ ᠨᠢᠭᠡᠴᠢ ᠨᠢ ᠲᠡᠭᠦᠨ ᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ

ᠨᠡᠮᠡᠭᠰᠡᠨ ᠭᠡᠷᠡᠴᠢ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ

ᠥᠷᠨᠢᠭᠦᠯᠬᠦ ᠳᠤᠮᠳᠠ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠡᠶ᠎ᠡ ᠬᠡᠮ ᠤᠨ ᠢᠯᠡᠳᠬᠡᠮᠵᠢ ᠳᠤ ᠬᠤᠯᠪᠣᠭᠳᠠᠪᠠᠯ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ

ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠬᠡᠷᠡᠭᠯᠡᠬᠦ ᠬᠡᠷᠡᠭᠲᠡᠶ ᠭᠡᠵᠦ ᠱᠠᠭᠠᠷᠳᠠᠵᠠᠢ᠃

     ᠬᠤᠶᠠᠷ᠂ ᠤᠬᠠᠭᠤᠯᠬᠤ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠤᠨ᠎ᠠ

     ︵ᠨᠢᠭᠡ︶ ︽ᠠᠷᠭ᠎ᠠ︾ ᠶᠢᠨ ᠤᠬᠠᠭᠤᠯᠭ᠎ᠠ ᠪᠣᠯᠪᠠᠰᠤᠷᠠᠯ ᠤᠨ ᠡᠷᠴᠢᠮ ᠢ ᠴᠢᠩᠭᠠᠯᠠᠨ᠎ᠠ

     ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠥᠷᠭᠡᠨ ᠳᠡᠯᠭᠡᠷ ᠤᠬᠠᠭᠤᠯᠭ᠎ᠠ ᠶᠢ ᠥᠷᠨᠢᠭᠦᠯᠵᠦ᠂ ᠤᠬᠠᠭᠤᠯᠭ᠎ᠠ ᠶᠢᠨ

ᠰᠡᠳᠬᠢᠴᠡ ᠪᠠ ᠠᠷᠭ᠎ᠠ ᠮᠠᠶ᠋ᠢᠭ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ ᠬᠡᠷᠡᠭᠯᠡᠯᠲᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠺᠣᠳ᠋ ᠤᠨ

ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂

︽ᠠᠷᠭ᠎ᠠ︾ ᠶᠢᠨ ᠠᠭᠤᠯᠭ᠎ᠠ ᠶᠢ ᠲᠤᠭᠤᠷᠠᠳᠠᠯ᠎ᠠ ᠶᠠᠷᠢᠵᠤ᠂ ᠣᠨᠣᠪᠴᠢᠲᠠᠶ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ

ᠦᠨᠡᠨ ᠬᠦ ᠭᠦᠢᠴᠡᠳᠬᠡᠬᠦ ᠬᠡᠷᠡᠭᠲᠡᠶ᠃ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ᠂ ᠺᠣᠳ᠋ ᠤᠨ ᠬᠠᠮᠢᠶᠠᠷᠤᠯᠲᠠ᠂ ᠳᠡᠩᠰᠡᠯᠡᠨ ᠲᠡᠮᠳᠡᠭᠯᠡᠬᠦ ᠰᠠᠯᠠᠭ᠎ᠠ

ᠮᠥᠴᠢᠷ ᠪᠠ ᠬᠡᠷᠡᠭᠯᠡᠭᠡᠨ ᠤ ᠰᠠᠯᠠᠭ᠎ᠠ ᠮᠥᠴᠢᠷ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠺᠣᠳ᠋ ᠤᠨ ᠬᠠᠮᠢᠶᠠᠷᠤᠯᠲᠠ ᠪᠠ ᠬᠡᠷᠡᠭᠯᠡᠯᠲᠡ ᠪᠠᠷ

ᠳᠠᠮᠵᠢᠭᠤᠯᠤᠨ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠰᠠᠶᠢᠨ ᠰᠠᠶᠢᠬᠠᠨ

ᠬᠠᠮᠢᠶᠠᠷᠤᠯᠲᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃

     ︵ᠬᠤᠶᠠᠷ︶ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ ᠬᠡᠷᠡᠭᠯᠡᠯᠲᠡ ᠶᠢᠨ

ᠠᠵᠢᠯ ᠢ ᠰᠠᠶᠢᠲᠤᠷ ᠬᠢᠨ᠎ᠠ

     ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ

ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠳᠠᠩᠰᠠᠯᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠲᠠᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ

ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠲᠤ ᠺᠣᠳ᠋ ᠣᠯᠭᠤᠬᠤ᠂ ᠳᠡᠭᠡᠭᠰᠢ ᠳᠠᠮᠵᠢᠭᠤᠯᠬᠤ᠂ ᠬᠢᠨᠠᠨ ᠬᠠᠷᠭᠤᠭᠤᠯᠬᠤ᠂ ᠴᠤᠭᠯᠠᠭᠤᠯᠬᠤ ᠪᠠ

ᠬᠡᠷᠡᠭᠯᠡᠬᠦ ᠵᠡᠷᠭᠡ ᠠᠵᠢᠯ ᠤᠨ ᠬᠦᠷᠢᠶᠡᠨ ᠳᠤ ᠦᠷᠭᠦᠯᠵᠢᠯᠡᠨ ᠨᠢᠭᠲᠠ ᠬᠠᠮᠵᠢᠯᠴᠠᠨ᠎ᠠ᠃ ᠺᠣᠳ᠋ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠠᠵᠢᠯ ᠤᠨ

ᠴᠤᠪᠤᠷᠠᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠦᠨᠳᠦᠰᠦᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠ

ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠣᠶ ᠪᠣᠯᠭᠠᠭᠰᠠᠨ ᠪᠤᠶᠤ ᠬᠠᠳᠠᠭᠠᠯᠠᠭᠰᠠᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠤᠭᠤᠷᠣᠨᠳᠣᠬᠢ ᠬᠦᠨᠳᠦ

ᠨᠣᠴᠢᠲᠠᠶ ᠮᠡᠳᠡᠭᠡ ᠵᠠᠩᠭᠢ ᠶᠢᠨ ᠥᠨᠥᠴᠢᠨ ᠠᠷᠠᠯ ᠤᠨ ᠠᠰᠠᠭᠤᠳᠠᠯ ᠢ ᠰᠢᠢᠳᠪᠦᠷᠢᠯᠡᠵᠦ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ

ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠥᠬᠦ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ

ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠯ᠎ᠡ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠲᠤ ᠺᠣᠳ᠋ ᠣᠯᠭᠤᠬᠤ ᠨᠢᠭᠡᠴᠢ ᠨᠦᠭᠦᠳ ᠡᠮᠬᠢ ᠵᠢᠷᠤᠮ ᠲᠠᠢ ᠪᠠᠷ ᠬᠠᠮᠵᠢᠯᠴᠠᠵᠤ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠩ ᠶᠡᠭᠡ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ

ᠰᠠᠭᠤᠷᠢ ᠮᠡᠳᠡᠭᠡ ᠵᠠᠩᠭᠢ᠂ ᠬᠤᠯᠪᠣᠭᠳᠠᠯ ᠪᠦᠬᠦᠢ ᠢᠲᠡᠭᠡᠮᠵᠢ ᠶᠢᠨ ᠮᠡᠳᠡᠭᠡ ᠵᠠᠩᠭᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠵᠡᠷᠭᠡ ᠶᠢ ᠴᠤᠭᠯᠠᠭᠤᠯᠬᠤ᠂

ᠬᠠᠮᠲᠤ ᠳᠤ ᠪᠠᠨ ᠬᠦᠷᠲᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠶᠢ ᠪᠡᠶᠡᠯᠡᠭᠦᠯᠬᠦ ᠬᠡᠷᠡᠭᠲᠡᠶ᠃

     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ

ᠬᠠᠷᠢᠭᠤᠯᠠᠭᠰᠠᠨ ᠨᠢ

     ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ︽ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠳᠤ ᠶᠠᠮᠠᠷ ᠶᠠᠮᠠᠷ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠤᠯᠪᠣᠭᠳᠠᠬᠤ

ᠪᠣᠶ᠂ ᠡᠲᠡᠭᠡᠷ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠶᠠᠮᠠᠷ ᠶᠠᠮᠠᠷ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠣᠶ︖

     ᠮᠢᠶᠣᠣ ᠰᠢᠤᠸᠠᠢ ᠵᠢᠶᠦ᠋ᠨ᠄ ︽ᠠᠷᠭ᠎ᠠ︾ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ

ᠬᠠᠮᠢᠶᠠᠷᠤᠯᠲᠠ ᠳᠠᠬᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ

ᠲᠤᠬᠠᠶ ᠲᠣᠳᠣᠷᠬᠠᠶ ᠲᠣᠭᠲᠠᠭᠠᠯ ᠭᠠᠷᠭᠠᠪᠠ᠃

     ᠨᠢᠭᠡᠳᠦᠭᠡᠷ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠤᠨ ᠵᠣᠬᠢᠴᠠᠭᠤᠯᠬᠤ ᠳᠦᠷᠢᠮ ᠢ ᠪᠠᠶᠢᠭᠤᠯᠵᠤ᠂ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠤᠨ ᠳᠤᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ

ᠬᠠᠮᠵᠢᠯᠴᠠᠨ ᠰᠢᠢᠳᠪᠦᠷᠢᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ

ᠨᠢᠭᠡᠳᠦᠯᠲᠡᠢ ᠺᠣᠳ᠋ ᠢᠶᠠᠷ ᠭᠤᠤᠯ ᠴᠣᠭᠴᠠ ᠶᠢᠨ ᠢᠯᠡᠷᠬᠡᠶᠢᠯᠡᠭᠴᠢ ᠪᠣᠯᠭᠠᠭᠰᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ

ᠨᠡᠪᠲᠡᠷᠡᠯᠴᠡᠬᠦ ᠶᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ

ᠬᠦᠷᠲᠡᠬᠦ ᠶᠢ ᠠᠬᠢᠭᠤᠯᠤᠨ᠎ᠠ᠃

     ᠬᠤᠶᠠᠳᠤᠭᠠᠷ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ

ᠮᠥᠴᠢᠷ ᠨᠢ ᠪᠦᠬᠦ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠬᠠᠮᠢᠶᠠᠷᠬᠤ ᠠᠵᠢᠯ ᠢ ᠬᠠᠷᠢᠭᠤᠴᠠᠵᠤ᠂

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠳᠠᠮᠵᠢᠭᠤᠯᠬᠤ᠂ ᠬᠠᠮᠲᠤ ᠳᠤ ᠪᠠᠨ ᠬᠦᠷᠲᠡᠬᠦ

ᠵᠡᠷᠭᠡ ᠪᠠᠷᠢᠮᠵᠢᠶ᠎ᠠ ᠶᠢ ᠲᠣᠭᠲᠠᠭᠠᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢᠨ

ᠲᠤᠭ᠎ᠠ ᠪᠠᠷᠢᠮᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯᠯᠠᠭᠤᠯᠬᠤ ᠪᠠ ᠬᠠᠮᠠᠭᠠᠯᠠᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠺᠣᠳ᠋ ᠣᠯᠭᠤᠬᠤ ᠪᠠ ᠪᠤᠴᠠᠭᠠᠨ ᠳᠠᠮᠵᠢᠭᠤᠯᠬᠤ ᠮᠡᠳᠡᠭᠡ ᠵᠠᠩᠭᠢ ᠳᠤ ᠬᠢᠨᠠᠨ

ᠰᠢᠨᠵᠢᠯᠡᠵᠦ ᠦᠨᠡᠯᠡᠨ ᠵᠢᠱᠢᠯᠲᠡ ᠬᠢᠵᠦ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠭᠤᠤᠯ ᠴᠣᠭᠴᠠ ᠳᠤ ᠮᠡᠳᠡᠭᠡ

ᠵᠠᠩᠭᠢ ᠶᠢᠨ ᠦᠢᠯᠡᠴᠢᠯᠡᠭᠡ ᠬᠠᠩᠭᠠᠨ᠎ᠠ᠃

     ᠭᠤᠷᠪᠠᠳᠤᠭᠠᠷ ᠲᠤ᠂ ᠪᠠᠶᠢᠭᠤᠯᠤᠮᠵᠢ ᠶᠢᠨ ᠣᠷᠣᠨ ᠲᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ

ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠶ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠠᠵᠢᠯᠴᠢᠨ ᠤ ᠡᠪᠯᠡᠯ

ᠵᠡᠷᠭᠡ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠣᠯᠭᠤᠬᠤ ᠡᠷᠬᠡ ᠲᠠᠢ ᠪᠤᠶᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ

ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠨᠢᠭᠡᠳᠦᠯᠲᠡᠶ ᠴᠤᠭᠯᠠᠭᠤᠯᠬᠤ ᠶᠢ ᠬᠠᠷᠢᠭᠤᠴᠠᠬᠤ ᠰᠠᠯᠠᠭ᠎ᠠ ᠮᠥᠴᠢᠷ ᠪᠣᠯ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃

ᠡᠲᠡᠭᠡᠷ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ

ᠵᠠᠩᠭᠢ ᠶᠢ ᠴᠤᠭᠯᠠᠭᠤᠯᠬᠤ᠂ ᠡᠮᠬᠢᠯᠡᠬᠦ᠂ ᠴᠠᠭ ᠲᠤᠬᠠᠶ ᠳᠤ ᠨᠢ ᠺᠣᠳ᠋ ᠣᠯᠭᠤᠬᠤ᠂ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠬᠤ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂

ᠲᠣᠰ ᠰᠢᠰᠲ᠋ᠧᠮ ᠤᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃

     ᠲᠥᠪ ᠷᠠᠳᠢᠣ᠋ ᠰᠦᠯᠵᠢᠶ᠎ᠡ ᠶᠢᠨ ᠥᠪᠥᠷ ᠮᠣᠩᠭᠤᠯ ᠥᠷᠲᠡᠭᠡ ᠶᠢᠨ ᠰᠤᠷᠪᠤᠯᠵᠢᠯᠠᠭᠴᠢ᠄ ︽ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢ ᠬᠡᠷᠬᠢᠨ ᠪᠡᠶᠡᠯᠡᠭᠦᠯᠬᠦ ᠪᠣᠶ︖

     ᠵᠢᠶᠠ ᠱᠤᠸᠠᠩ ᠸᠧᠨ᠄ ᠡᠩ ᠲᠡᠷᠢᠭᠦᠨ ᠳᠤ᠂ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠤᠯᠬᠤ ᠭᠤᠶᠤᠴᠢᠯᠠᠯ ᠭᠠᠷᠭᠠᠭᠰᠠᠨ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠨᠢᠭᠡᠳᠦᠯᠲᠡᠶ ᠪᠣᠯᠭᠠᠬᠤ ᠶᠢᠨ

ᠬᠠᠮᠲᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ

ᠳᠡᠩᠰᠡᠯᠡᠨ ᠬᠠᠮᠢᠶᠠᠷᠬᠤ ᠵᠣᠬᠢᠴᠠᠩᠭᠤᠶ ᠰᠠᠯᠠᠭ᠎ᠠ ᠮᠥᠴᠢᠷ ᠲᠤ ᠳᠠᠮᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠨᠢ

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠤᠶᠠᠷ ᠠᠵᠢᠯᠯᠠᠬᠤ ᠡᠳᠦᠷ ᠤᠨ ᠳᠣᠲᠣᠷ᠎ᠠ

ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠮᠵᠢᠭᠤᠯᠤᠨ᠎ᠠ᠃

     ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ ᠬᠤᠶᠠᠷ ᠠᠵᠢᠯᠯᠠᠬᠤ ᠡᠳᠦᠷ ᠤᠨ ᠳᠣᠲᠣᠷ᠎ᠠ

ᠳᠠᠪᠬᠤᠷ ᠺᠣᠳ᠋᠂ ᠪᠤᠷᠤᠭᠤ ᠺᠣᠳ᠋ ᠢ ᠬᠠᠷᠭᠤᠭᠤᠯᠬᠤ᠂ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠪᠡᠶᠡᠯᠡᠭᠦᠯᠵᠦ᠂ ᠳᠠᠪᠬᠤᠷ ᠺᠣᠳ᠋᠂

ᠪᠤᠷᠤᠭᠤ ᠺᠣᠳ᠋ ᠵᠡᠷᠭᠡ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠤ

ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ ᠭᠤᠷᠪᠠᠨ ᠠᠵᠢᠯᠯᠠᠬᠤ

ᠡᠳᠦᠷ ᠤᠨ ᠳᠣᠲᠣᠷ᠎ᠠ ᠵᠠᠯᠠᠷᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ

ᠤᠯᠠᠮᠵᠢᠯᠠᠬᠤ ᠬᠡᠷᠡᠭᠲᠡᠶ᠃

     ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠡᠩᠰᠡᠯᠡᠨ ᠬᠠᠮᠢᠶᠠᠷᠬᠤ ᠰᠠᠯᠠᠭ᠎ᠠ

ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠳᠠᠪᠬᠤᠷ ᠺᠣᠳ᠋᠂ ᠪᠤᠷᠤᠭᠤ ᠺᠣᠳ᠋ ᠢ

ᠬᠠᠷᠭᠤᠭᠤᠯᠤᠨ ᠪᠠᠶᠢᠴᠠᠭᠠᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠺᠣᠳ᠋ ᠣᠯᠭᠤᠭᠰᠠᠨ

ᠪᠠ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠤᠭᠰᠠᠨ ᠪᠠᠶᠢᠳᠠᠯ ᠢ ᠨᠡᠪᠲᠡᠷᠡᠭᠦᠯᠬᠦ ᠬᠡᠷᠡᠭᠲᠡᠶ᠃

     ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ

ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ

ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠦᠷᠢᠮ ᠢ ᠲᠡᠭᠦᠯᠳᠡᠷᠵᠢᠭᠦᠯᠵᠦ᠂ ᠮᠡᠳᠡᠭᠡ

ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠢᠶᠠᠷ ᠳᠠᠮᠵᠢᠭᠤᠯᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ

ᠬᠠᠮᠲᠤ ᠳᠤ ᠪᠠᠨ ᠬᠦᠷᠲᠡᠬᠦ᠂ ᠬᠠᠮᠵᠢᠯᠴᠠᠨ ᠬᠢᠨᠠᠨ ᠬᠠᠮᠢᠶᠠᠷᠬᠤ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃

     ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ︽ᠠᠷᠭ᠎ᠠ︾ ᠶᠢ ᠨᠡᠶᠢᠲᠡᠯᠡᠭᠰᠡᠨ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ

ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠳᠤ ᠶᠠᠮᠠᠷ ᠶᠠᠮᠠᠷ ᠢᠳᠡᠪᠬᠢᠲᠡᠶ ᠦᠢᠯᠡᠳᠦᠯ ᠪᠠ ᠨᠥᠯᠥᠭᠡ ᠲᠠᠢ ᠪᠣᠶ︖

     ᠮᠢᠶᠣᠣ ᠰᠢᠤᠸᠠᠢ ᠵᠢᠶᠦ᠋ᠨ᠄ ᠨᠢᠭᠡ ᠳᠤ᠂ ᠮᠡᠳᠡᠭᠡ ᠵᠠᠩᠭᠢ ᠶᠢᠨ ᠥᠨᠥᠴᠢᠨ ᠠᠷᠠᠯ ᠤᠨ ᠦᠵᠡᠭᠳᠡᠯ ᠢ ᠰᠢᠢᠳᠪᠦᠷᠢᠯᠡᠪᠡ᠃ ︽ᠠᠷᠭ᠎ᠠ︾ ᠶᠢ ᠨᠡᠶᠢᠲᠡᠯᠡᠨ

ᠬᠡᠷᠡᠭᠵᠢᠭᠦᠯᠦᠭᠰᠡᠨ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ

ᠶᠠᠰᠤ ᠴᠢᠨᠠᠷ ᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠴᠣᠷ ᠤᠨ ᠭᠠᠭᠴᠠ ᠴᠢᠨᠠᠷ᠂

ᠪᠠᠭᠲᠠᠭᠠᠮᠵᠢᠲᠤ ᠴᠢᠨᠠᠷ᠂ ᠲᠣᠭᠲᠠᠪᠤᠷᠢᠲᠤ ᠴᠢᠨᠠᠷ ᠪᠠ ᠪᠦᠬᠦᠨ ᠢ ᠬᠠᠮᠤᠷᠬᠤ ᠴᠢᠨᠠᠷ ᠢ ᠪᠠᠲᠤᠯᠠᠭᠰᠠᠨ ᠪᠠᠶᠢᠨ᠎ᠠ᠃ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ

ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢ ᠨᠢᠭᠡᠳᠬᠡᠬᠦ ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠡᠳᠡᠭᠡ

ᠵᠠᠩᠭᠢ ᠶᠢ ᠴᠠᠭ ᠲᠤᠬᠠᠢ ᠳᠤ ᠨᠢ ᠳᠠᠮᠵᠢᠭᠤᠯᠬᠤ ᠶᠢ ᠪᠠᠲᠤᠯᠠᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠴᠢᠩᠭᠠᠳᠬᠠᠵᠤ᠂ ᠮᠡᠳᠡᠭᠡ

ᠵᠠᠩᠭᠢ ᠶᠢᠨ ᠥᠨᠥᠴᠢᠨ ᠠᠷᠠᠯ ᠢ ᠡᠪᠳᠡᠪᠡ᠃

     ᠬᠤᠶᠠᠷ ᠲᠤ᠂ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢ ᠠᠬᠢᠭᠤᠯᠪᠠ᠃ ︽ᠠᠷᠭ᠎ᠠ︾ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ ᠬᠡᠷᠡᠭᠯᠡᠯᠲᠡ ᠶᠢ ᠨᠢᠭᠡᠳᠬᠡᠬᠦ ᠴᠣᠷ ᠤᠨ ᠭᠠᠭᠴᠠ ᠴᠢᠨᠠᠷ ᠤᠨ ᠵᠠᠷᠴᠢᠮ ᠢ ᠲᠣᠭᠲᠠᠭᠠᠵᠤ᠂ ᠵᠠᠰᠠᠭ ᠤᠨ

ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠳᠠᠬᠢ ᠵᠣᠬᠢᠶᠠᠨ

ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠪᠡᠶᠡᠴᠢ ᠴᠣᠭᠴᠠ ᠶᠢᠨ ᠢᠯᠡᠷᠬᠡᠶᠢᠯᠡᠯ ᠤᠨ ᠪᠠᠶᠢᠷᠢ ᠰᠠᠭᠤᠷᠢ ᠶᠢ ᠲᠣᠳᠣᠷᠬᠠᠶ

ᠲᠣᠭᠲᠠᠭᠠᠵᠤ᠂ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ

ᠨᠢᠭᠡᠳᠦᠯᠲᠡᠢ ᠺᠣᠳ᠋ ᠤᠨ ᠡᠯᠧᠺᠲᠷᠣᠨ ᠵᠠᠰᠠᠭ ᠤᠨ ᠶᠠᠪᠤᠳᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ

ᠬᠡᠷᠡᠭᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠠᠬᠢᠭᠤᠯᠬᠤ ᠵᠡᠷᠭᠡ ᠪᠣᠯᠤᠨ᠎ᠠ᠃ ︽ᠠᠷᠭ᠎ᠠ︾ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ

ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂

ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠴᠡᠶ᠃

     ᠭᠤᠷᠪᠠ ᠳᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ

ᠦᠢᠯᠡᠳᠦᠯ ᠴᠢᠳᠠᠪᠤᠷᠢ ᠪᠠ ᠵᠠᠰᠠᠬᠤ ᠴᠢᠳᠠᠪᠤᠷᠢ ᠶᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ᠂ ᠨᠡᠶᠢᠭᠡᠮ ᠤᠨ

ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ

ᠨᠢᠭᠡᠳᠦᠯᠲᠡᠢ ᠺᠣᠳ᠋ ᠵᠢᠴᠢ ᠲᠡᠭᠦᠨ ᠤ ᠰᠠᠭᠤᠷᠢ ᠮᠡᠳᠡᠭᠡ ᠵᠠᠩᠭᠢ ᠶᠢ ᠠᠰᠢᠭᠯᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠡᠬᠢ

ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠶᠢᠨ ᠬᠠᠮᠲᠤ᠂ ᠨᠡᠶᠢᠭᠡᠮ ᠪᠠ ᠵᠠᠬ᠎ᠠ ᠳᠡᠯᠭᠡᠭᠦᠷ ᠤᠨ ᠡᠯ᠎ᠡ ᠲᠠᠯ᠎ᠠ ᠶᠢᠨ ᠮᠡᠳᠡᠭᠡ ᠵᠠᠩᠭᠢ ᠶᠢ ᠰᠣᠯᠢᠯᠴᠠᠵᠤ ᠡᠮᠬᠢᠯᠡᠨ

ᠨᠡᠶᠢᠯᠡᠭᠦᠯᠵᠦ᠂ ᠠᠰᠢᠭᠯᠠᠵᠤ ᠪᠣᠯᠬᠤᠶᠢᠴᠠ ᠲᠣᠮᠣ ᠳ᠋ᠠᠶᠢᠲ᠋ᠠ ᠶᠢᠨ ᠡᠬᠢ ᠪᠠᠶᠠᠯᠢᠭ ᠢ ᠪᠣᠶ ᠪᠣᠯᠭᠠᠨ᠂ ᠭᠦᠨ ᠲᠠᠰ ᠳᠠᠪᠬᠤᠷᠭ᠎ᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂

ᠥᠪᠡᠷᠲᠡᠭᠡᠨ ᠵᠠᠰᠠᠬᠤ ᠣᠷᠣᠨ ᠤ ᠠᠵᠤ ᠠᠬᠤᠶ᠂ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂

ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠠᠮᠠᠭᠠᠯᠠᠨ᠎ᠠ᠃

     ᠲᠦᠷᠪᠡ ᠳᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ

ᠺᠣᠳ᠋ ᠢᠶᠠᠷ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠡᠶ᠎ᠡ ᠶᠢᠨ ᠭᠠᠷᠤᠯ ᠢ ᠢᠯᠭᠠᠬᠤ ᠺᠣᠳ᠋ ᠪᠣᠯᠭᠠᠬᠤ ᠨᠡᠶᠢᠭᠡᠮ ᠤᠨ ᠪᠣᠳᠠᠲᠤ ᠬᠡᠷᠡᠭᠴᠡᠭᠡ ᠳᠤ ᠬᠠᠷᠢᠭᠤᠯᠲᠠ

ᠥᠭᠴᠡᠢ᠃ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ

ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠠᠪᠤᠴᠠ ᠳᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠨᠢᠭᠡᠳᠦᠯᠲᠡᠶ

ᠪᠠᠷᠢᠮᠵᠢᠶ᠎ᠠ ᠳᠤᠲᠠᠭᠳᠠᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠡᠩᠰᠡᠯᠡᠨ ᠲᠡᠮᠳᠡᠭᠯᠡᠭᠰᠡᠨ ᠵᠦᠢᠯᠡᠰ ᠪᠦᠷᠢᠨ ᠪᠤᠰᠤ᠂

ᠦᠢᠯᠡᠳᠪᠦᠷᠢᠯᠡᠯ ᠡᠵᠡᠩᠨᠡᠯᠲᠡ ᠶᠢᠨ ᠮᠡᠳᠡᠭᠡ ᠵᠠᠩᠭᠢ ᠪᠦᠷᠢᠨ ᠪᠤᠰᠤ ᠪᠠᠶᠢᠬᠤ ᠠᠴᠠ ᠪᠣᠯᠤᠭᠰᠠᠨ ᠭᠠᠶᠢᠯᠢ ᠲᠠᠲᠠᠪᠤᠷᠢ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠵᠡᠷᠭᠡ

ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠳᠤᠲᠠᠭᠳᠠᠯ ᠲᠠᠢ ᠦᠵᠡᠭᠳᠡᠯ ᠢ ᠢᠯᠡᠷᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ

ᠠᠯᠳᠠᠭᠳᠠᠯ ᠲᠠᠢ ᠪᠣᠯᠭᠠᠪᠠ᠃ ᠡᠶᠢᠮᠦ ᠠᠴᠠ᠂ ᠬᠠᠤᠯᠢ ᠲᠣᠭᠲᠠᠭᠠᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ

ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠪᠠ ᠲᠠᠰ ᠳᠠᠷᠠᠭᠠᠯᠠᠯ ᠢ ᠨᠢᠭᠡᠳᠦᠯᠲᠡᠶ ᠪᠣᠯᠭᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠢᠨᠠᠨ

ᠬᠠᠮᠢᠶᠠᠷᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠲᠦᠷᠢᠮ ᠤᠨ ᠠᠯᠳᠠᠰᠢ ᠭᠠᠷᠬᠤ ᠶᠢ ᠬᠤᠷᠢᠭᠯᠠᠵᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ

ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠳᠥᠯᠭᠢᠨ ᠠᠬᠢᠭᠤᠯᠵᠤ᠂ ᠨᠡᠭᠦᠷᠡᠰᠦ ᠵᠡᠷᠭᠡ ᠡᠬᠢ ᠪᠠᠶᠠᠯᠢᠭ ᠤᠨ ᠠᠵᠤ ᠦᠢᠯᠡᠰ ᠢ ᠬᠦᠴᠦᠷᠬᠡᠭᠵᠢᠭᠦᠯᠦᠨ

ᠪᠤᠵᠠᠭᠠᠶᠢᠷᠠᠭᠤᠯᠬᠤ ᠨᠢ ᠪᠣᠳᠠᠲᠤ ᠠᠴᠢ ᠬᠤᠯᠪᠣᠭᠳᠠᠯ ᠲᠠᠢ ᠶᠤᠮ᠃

     ᠲᠠᠪᠤ ᠳᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠬᠠᠤᠯᠢ ᠴᠠᠭᠠᠵᠠ ᠶᠢᠨ

ᠲᠦᠷᠢᠮ ᠢ ᠨᠢᠭᠡᠳᠦᠯᠲᠡᠢ ᠪᠣᠯᠭᠠᠬᠤ ᠪᠠᠷ ᠳᠠᠮᠵᠢᠭᠤᠯᠤᠨ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠲᠣᠭᠲᠠᠭᠠᠯᠲᠠ ᠶᠢᠨ ᠥᠪᠡᠷᠲᠡᠭᠡᠨ ᠵᠠᠰᠠᠬᠤ ᠣᠷᠣᠨ ᠤ ᠤᠤᠯ ᠤᠨ

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠬᠠᠮᠢᠶᠠᠷᠤᠯᠲᠠ ᠶᠢᠨ ᠠᠷᠭ᠎ᠠ︾ ᠪᠣᠯ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠠᠵᠢᠯ ᠢ

ᠵᠢᠷᠤᠮᠵᠢᠭᠤᠯᠬᠤ ᠵᠠᠰᠠᠭ ᠤᠨ ᠣᠷᠳᠣᠨ ᠤ ᠨᠢᠭᠡᠨ ᠴᠢᠬᠤᠯᠠ ᠲᠦᠷᠢᠮ ᠲᠣᠭᠲᠠᠭᠠᠯ ᠪᠣᠯᠤᠨ᠎ᠠ᠂ ᠲᠣᠰ ᠠᠷᠭ᠎ᠠ ᠶᠢ 2018 ᠣᠨ ᠳᠤ ᠬᠦᠴᠦᠨ ᠥᠬᠡᠶ ᠪᠣᠯᠭᠠᠪᠠ᠃

ᠡᠶᠢᠮᠦ ᠠᠴᠠ᠂ ︽ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠪᠣᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ

ᠬᠠᠮᠢᠶᠠᠷᠤᠯᠲᠠ ᠶᠢᠨ ᠲᠦᠷᠢᠮ ᠤᠨ ᠦᠢᠯᠡᠳᠦᠯᠭᠡ ᠶᠢᠨ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠥᠭᠡᠳ ᠪᠠᠷᠠᠭᠠᠯᠬᠢᠯᠠᠯ ᠤᠨ ᠴᠢᠨᠠᠷᠲᠠᠶ ᠬᠠᠤᠯᠢ ᠴᠠᠭᠠᠵᠠ ᠶᠢᠨ ᠲᠦᠷᠢᠮ ᠤᠨ

ᠵᠢᠷᠤᠭ ᠲᠥᠯᠥᠪᠯᠡᠭᠡ ᠪᠠᠷ ᠳᠠᠮᠵᠢᠭᠤᠯᠤᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠬᠠᠤᠯᠢ ᠪᠠᠷ

ᠵᠠᠰᠠᠬᠤ ᠶᠢ ᠬᠥᠲᠥᠯᠦᠨ ᠵᠢᠯᠣᠭᠤᠳᠴᠤ ᠪᠠᠶᠢᠳᠠᠭ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ