ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/10/29
      10 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠪᠠ᠃      ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠴᠢᠨᠠᠷ ᠪᠣᠯᠣᠨ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨ᠎ᠠ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠠᠵᠢᠯ ᠢ ᠴᠢᠩᠭ᠎ᠠ ᠪᠤᠳᠠᠳᠠᠢ ᠨᠠᠷᠯᠢᠭ ᠰᠠᠶᠢᠲᠤᠷ ᠬᠢᠵᠤ᠂ ᠪᠣᠭᠤᠮᠲᠠ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠬᠠᠮᠢᠶᠠᠷᠤᠯᠲᠠ ᠶᠢ ᠴᠢᠩᠭᠠᠳᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠪᠠᠷ ᠣᠷᠣᠵᠤ ᠢᠷᠡᠬᠦ ᠬᠥᠮᠦᠰ ᠢ ᠪᠥᠬᠦ ᠶᠠᠪᠤᠴᠠ ᠪᠠᠷ ᠪᠢᠲᠡᠭᠦᠮᠵᠢᠯᠡᠨ ᠬᠠᠮᠢᠶᠠᠷᠬᠤ᠂ ᠡᠮᠦᠨ᠎ᠡ ᠹᠷᠣᠨᠲ ᠤᠨ ᠠᠵᠢᠯᠲᠠᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠶᠢ ᠰᠠᠬᠢᠬᠤ᠂ ᠤᠯᠠᠨ ᠤᠯᠤᠰ ᠤᠨ ᠵᠢᠰᠢᠶᠠᠨ ᠤ ᠨᠢᠰᠭᠡᠯ ᠢ ᠰᠠᠯᠭᠠᠨ ᠪᠠᠭᠤᠯᠭᠠᠬᠤ᠂ ᠭᠠᠳᠠᠭᠠᠳᠤ ᠠᠴᠠ ᠤᠷᠤᠭᠤᠯᠤᠭᠰᠠᠨ ᠬᠦᠢᠳᠡᠨ ᠢᠶᠠᠷ ᠵᠦᠭᠡᠭᠡᠪᠦᠷᠢᠯᠡᠬᠦ ᠢᠳᠡᠭᠡᠨ ᠪᠠ ᠬᠦᠢᠲᠡᠨ ᠢᠶᠠᠷ ᠵᠦᠭᠡᠭᠡᠪᠦᠷᠢᠯᠡᠬᠦ ᠪᠤᠰᠤ ᠪᠠᠷᠠᠭ᠎ᠠ ᠵᠡᠷᠭᠡ ᠬᠡᠳᠦᠨ ᠴᠢᠬᠤᠯᠠ ︽ᠪᠣᠭᠤᠮᠲᠠ︾ ᠶᠢᠨ ᠠᠵᠢᠯ ᠢ ᠡᠷᠡᠰ ᠰᠠᠶᠢᠲᠤᠷ ᠬᠢᠬᠦ ᠭᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠺᠤᠳ᠋ ᠰᠢᠷᠪᠢᠭᠦᠯᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠺᠣᠳ᠋ ᠪᠣᠯᠣᠨ ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ ᠢ ᠴᠢᠩᠭ᠎ᠠ ᠪᠠᠶᠢᠴᠠᠭᠠᠨ ᠰᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠨᠢᠭᠲᠠ ᠪᠠᠶᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ︽ᠬᠥᠮᠦᠨ︾᠂ ︽ᠪᠣᠳᠠᠰ︾᠂ ︽ᠣᠷᠴᠢᠨ ᠲᠣᠭᠤᠷᠢᠨ︾ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠳᠥᠷᠪᠡᠨ ᠡᠷᠳᠡ︾ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ