ᠸᠠᠩ ᠯᠢ ᠰᠢᠶᠠ ᠭᠤᠣᠯᠳᠠᠯᠭ᠎ᠠ ᠲᠠᠢ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠠᠰ ᠠᠰ ᠲᠤᠨᠢ ᠲᠤᠬᠢᠷᠠᠭᠤᠯᠤᠯᠳᠠ ᠬᠢᠬᠦ ᠳᠡᠭᠡᠨ ᠴᠢᠬᠤᠯᠠᠴᠢᠯᠡᠭᠰᠠᠨ ᠨᠢ  ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠵᠥ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ ᠬᠢᠵᠢᠭ ᠤᠨ ᠦᠷᠪᠢᠰᠦᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/10/29

      10 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠵᠤᠬᠢᠴᠠᠭᠤᠯᠵᠥ᠂ ᠲᠠᠬᠢᠨ ᠲᠤᠬᠢᠷᠠᠭᠤᠯᠵᠥ᠂ ᠲᠠᠬᠢᠨ ᠪᠠᠶᠢᠷᠢᠯᠠᠭᠤᠯᠪᠠ᠃
      ᠬᠤᠷᠠᠯ ᠳᠡᠭᠡᠷ᠎ᠡ᠂ ᠸᠠᠩ ᠯᠢ ᠰᠢᠶᠠ ᠠᠯᠠᠱᠠ ᠠᠶᠢᠮᠠᠭ᠂ ᠰᠢᠯᠢ ᠶᠢᠨ ᠭᠤᠤᠯ ᠠᠶᠢᠮᠠᠭ᠂ ᠡᠵᠡᠨ᠎ᠡ ᠬᠤᠰᠢᠭᠤ᠂ ᠡᠷᠢᠶᠡᠨ ᠬᠤᠲᠠ ᠶᠢᠨ ᠭᠤᠤᠯ ᠬᠠᠷᠢᠭᠤᠴᠠᠯᠭᠠᠲᠠᠨ ᠪᠣᠯᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ‍ᠤ᠊ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠠᠶ ᠶᠢᠨ ᠬᠠᠷᠢᠭᠤᠴᠠᠯᠭᠠᠲᠠᠨ ᠨᠥᠬᠦᠳ ᠲᠠᠢ ᠸᠢᠳᠢᠣ᠋ ᠪᠠᠷ ᠬᠠᠷᠢᠯᠴᠠᠵᠤ᠂ ᠲᠤᠬᠠᠶ ᠶᠢᠨ ᠭᠠᠵᠠᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠡᠬᠢ ᠰᠤᠷᠪᠤᠯᠵᠢ ᠶᠢᠨ ᠮᠦᠷᠳᠡᠯᠳᠡ᠂ ᠡᠮᠴᠢ ᠰᠣᠪᠢᠯᠠᠭᠴᠢ ᠶᠢᠨ ᠰᠢᠯᠭᠠᠨ ᠪᠠᠶᠢᠴᠠᠭᠠᠯᠲᠠ᠂ ᠵᠣᠬᠢᠶᠠᠨ ᠪᠠᠶᠢᠭᠤᠯᠵᠤ ᠳᠠᠶᠢᠴᠢᠯᠠᠬᠤ ᠵᠡᠷᠭᠡ ᠲᠠᠯ᠎ᠠ ᠶᠢᠨ ᠪᠠᠶᠢᠳᠠᠯ ᠢ ᠨᠢᠭᠡᠳ ᠨᠢᠭᠡ ᠪᠠᠷ ᠯᠠᠪᠯᠠᠨ ᠠᠰᠠᠭᠤᠵᠤ᠂ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠭᠰᠠᠨ ᠬᠦᠴᠢᠷᠳᠡᠯ ᠢ ᠴᠠᠬ ᠲᠤᠨᠢ ᠲᠣᠬᠢᠷᠠᠭᠤᠯᠤᠨ ᠰᠢᠢᠳᠪᠦᠷᠢᠯᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠳᠤ ᠪᠣᠳᠠᠲᠠᠶ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠳᠤᠷᠠᠳᠪᠠ᠃
      ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ᠂ ᠪᠠᠶᠢᠳᠠᠯ ᠨᠠᠷᠢᠨ ᠪᠤᠳᠤᠯᠢᠶᠠᠨᠲᠠᠢ᠂ ᠡᠭᠦᠷᠭᠡ ᠬᠠᠲᠠᠭᠤ ᠪᠡᠷᠬᠡ᠂ ᠠᠵᠢᠯ ᠪᠠᠴᠢᠮ ᠲᠤᠯᠭᠠᠮ ᠪᠠᠶᠢᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠠᠪᠠᠯ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠴᠢᠮ ᠢᠶᠠᠨ ᠴᠢᠩᠭᠠᠷᠠᠭᠤᠯᠤᠨ ᠠᠬᠢᠴᠠ ᠪᠠᠨ ᠲᠦᠷᠭᠡᠳᠭᠡᠵᠦ᠂ ᠴᠠᠭ ᠮᠥᠴᠡ ᠲᠠᠢ ᠤᠷᠤᠯᠳᠤᠨ ᠳᠠᠬᠤᠯ ᠡᠪᠡᠳᠴᠢᠨ ᠤ ᠪᠠᠶᠢᠴᠠᠭᠠᠯᠲᠠ ᠮᠦᠷᠳᠡᠯᠳᠠ ᠬᠢᠵᠦ᠂ ᠡᠬᠢ ᠰᠤᠷᠪᠤᠯᠵᠢ ᠶᠢ ᠨᠢ ᠮᠦᠷᠳᠡᠵᠥ᠂ ᠬᠤᠯᠪᠣᠭᠳᠠᠯ ᠪᠦᠬᠦᠢ ᠬᠥᠮᠦᠰ ᠢ ᠪᠦᠬᠦᠨ ᠢ ᠬᠠᠮᠢᠶᠠᠷᠤᠨ ᠡᠵᠡᠮᠳᠡᠬᠦ ᠶᠢ ᠪᠠᠲᠤᠯᠠᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠡᠬᠢ ᠪᠠᠶᠠᠯᠢᠭ ᠢ ᠨᠡᠶᠢᠳᠬᠡᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ᠂ ᠠᠵᠢᠯᠳᠠᠨ᠂ ᠡᠳ᠋ ᠪᠣᠳᠠᠰ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠬᠦᠴᠦ ᠪᠠᠷ ᠢᠶᠠᠨ ᠪᠠᠲᠤᠯᠠᠵᠤ᠂ ᠭᠦᠢᠴᠡᠳ ᠪᠠᠲᠤᠯᠠᠬᠤ᠂ ᠲᠦᠷᠭᠡᠨ ᠠᠷᠭᠠᠴᠠᠭᠠᠬᠤ᠂ ᠯᠠᠪᠳᠠᠭᠤᠨ ᠢᠶᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠵᠢᠯᠣᠭᠤᠳᠬᠤ ᠳᠤᠭᠤᠶᠢᠯᠠᠩ ᠤᠨ ᠵᠢᠯᠣᠭᠤᠳᠣᠯᠭ᠎ᠠ ᠳᠤᠤᠷ᠎ᠠ᠂ ︽ᠨᠢᠭᠡ ᠬᠥᠮᠥᠨ ᠳᠤ ᠨᠢᠭᠡ ᠲᠥᠰᠦᠯ︾ ᠢᠶᠠᠷ ᠣᠨᠣᠪᠴᠢᠲᠠᠶ ᠵᠠᠰᠠᠵᠤ᠂ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠶᠢ ᠪᠠᠷᠢᠮᠲᠠᠯᠠᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠭᠤᠷᠠᠢ ᠭᠤᠭᠴᠤᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠪᠢᠳᠡᠬᠦᠮᠵᠢᠯᠡᠭ᠌ᠰᠡᠨ ᠭᠤᠬᠴᠤᠭ᠎ᠠ ᠶᠢ ᠦᠨᠡᠨ ᠬᠦ ᠴᠢᠩᠭ᠎ᠠ ᠪᠢᠳᠡᠬᠦᠮᠵᠢᠯᠡᠵᠦ᠂ ᠪᠢᠲᠡᠭᠦᠮᠵᠢᠯᠡᠨ ᠡᠵᠡᠮᠳᠡᠬᠦ ᠲᠠᠯ᠎ᠠ ᠪᠠᠷ ᠦᠨᠡᠨ ᠬᠦ ᠪᠢᠳᠡᠬᠦᠮᠵᠢᠯᠡᠵᠦ ᠴᠢᠳᠠᠬᠤ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠵᠢᠷᠤᠮᠵᠢᠯ ᠢ ᠴᠢᠩᠭ᠎ᠠ ᠣᠨᠣᠪᠴᠢᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠨᠥᠬᠦᠴᠡᠯ ᠳᠣᠣᠷ᠎ᠠ ᠬᠢᠯᠢ ᠶᠢᠨ ᠪᠣᠭᠤᠮᠲᠠ ᠶᠢᠨ ᠠᠵᠢᠯ ᠢ ᠰᠠᠶᠢᠳᠤᠷ ᠬᠢᠬᠦ ᠴᠢᠳᠠᠪᠤᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃
      ᠸᠠᠩ ᠯᠢ ᠰᠢᠶᠠ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠵᠣᠬᠢᠶᠠᠨ ᠪᠠᠶᠢᠭᠤᠯᠵᠤ ᠳᠠᠶᠢᠴᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠰᠢᠯᠭᠠᠯᠲᠠ ᠶᠢ ᠳᠠᠭᠠᠭᠠᠵᠤ᠂ ᠳᠠᠪᠲᠠᠯᠲᠠ ᠶᠢ ᠳᠠᠭᠠᠭᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ︽ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ ᠴᠡᠭᠡᠵᠢ ᠳᠦᠷᠢᠨ ᠭᠠᠷᠬᠤ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠬᠢᠨ ᠳᠠᠷᠤᠶᠢᠬᠠᠨ ᠪᠦᠬᠦ ᠠᠵᠢᠯᠲᠠᠳ ᠢᠶᠠᠷ ᠢᠶᠠᠨ ᠥᠨᠳᠥᠷ ᠪᠦᠲᠦᠮᠵᠢᠲᠡᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠭᠠᠵᠠᠷ ᠣᠷᠣᠨ ᠢ ᠵᠢᠯᠣᠭᠤᠳᠴᠤ ᠪᠠᠶᠢᠭᠠᠳ ᠰᠡᠷᠭᠡᠶᠢᠯᠡᠨ ᠡᠵᠡᠮᠳᠡᠬᠦ ᠳᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠬᠥᠮᠥᠨ ᠤ ᠬᠦᠴᠦᠨ᠂ ᠪᠣᠳᠠᠰ ᠤᠨ ᠬᠦᠴᠦᠨ ᠢ ᠪᠦᠲᠦᠮᠵᠢᠲᠡᠶ ᠳᠠᠶᠢᠴᠢᠯᠠᠵᠤ ᠪᠠᠶᠢᠭᠠᠳ ᠰᠡᠷᠭᠡᠶᠢᠯᠡᠨ ᠡᠵᠡᠮᠳᠡᠬᠦ ᠠᠵᠢᠯ ᠳᠤ ᠣᠷᠣᠭᠤᠯᠬᠤ ᠬᠡᠷᠡᠭᠲᠡᠢ᠃ ᠪᠤᠰᠤᠳ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠯᠤᠭ᠎ᠠ ᠮᠡᠳᠡᠭᠡ ᠵᠠᠩᠭᠢ ᠪᠠᠨ ᠤᠯᠤᠯᠴᠠᠨ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠢᠭᠲᠠ ᠬᠠᠮᠵᠢᠯᠴᠠᠨ ᠬᠠᠮᠲᠤᠷᠠᠯᠴᠠᠵᠤ᠂ ᠨᠡᠩ ᠥᠨᠳᠥᠷ ᠪᠦᠲᠦᠮᠵᠢᠲᠡᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠯᠳᠦᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠬᠡᠵᠥ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ