ᠪᠥᠬᠦ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ  ᠸᠠᠩ ᠯᠢ ᠰᠢᠶᠠ  ᠯᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/10/29
      10 ᠰᠠᠷ᠎ᠠ ᠶᠢᠨ 23 ᠤ ᠡᠳᠦᠷ᠂ ᠪᠦᠬᠦ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠬᠤ ᠳᠠᠭᠠᠨ ᠤᠳᠤᠷᠢᠳᠤᠯᠭ᠎ᠠ ᠨᠠᠷ ᠡᠷᠬᠡᠪᠰᠢ ᠡᠮᠦᠨ᠎ᠡ ᠹᠷᠣᠨᠲ ᠲᠤ ᠬᠦᠷᠴᠦ ᠰᠠᠶᠢᠲᠤᠷ ᠵᠢᠯᠣᠭᠤᠳᠴᠤ᠂ ᠡᠷᠭᠡᠪᠰᠢ ᠬᠥᠮᠦᠰ ᠢ ᠰᠠᠶᠢᠲᠤᠷ ᠵᠣᠬᠢᠶᠠᠨ ᠪᠠᠶᠢᠭᠤᠯᠤᠨ ᠳᠠᠶᠢᠴᠢᠯᠠᠵᠤ᠂ ᠠᠷᠭ᠎ᠠ ᠬᠡᠮᠵᠢᠶ᠎ᠡ ᠶᠢ ᠡᠷᠭᠡᠪᠰᠢ ᠣᠨᠣᠪᠴᠢᠲᠠᠶ ᠬᠡᠷᠡᠭᠵᠢᠭᠦᠯᠵᠦ᠂ ᠡᠷᠭᠡᠪᠰᠢ ᠵᠢᠷᠤᠮᠵᠢᠯ ᠶᠤᠰᠤᠭᠠᠷ ᠠᠵᠢᠯᠯᠠᠵᠦ᠂ ᠡᠷᠭᠡᠪᠰᠢ ᠳᠤᠲᠠᠭᠤᠳᠠᠯ ᠢᠶᠠᠨ ᠰᠠᠶᠢᠲᠤᠷ ᠨᠥᠬᠦᠪᠥᠷᠢᠯᠡᠵᠤ᠂ ᠡᠷᠭᠡᠪᠰᠢ ᠪᠠᠲᠤᠯᠠᠭ᠎ᠠ ᠶᠢ ᠴᠠᠭ ᠲᠤᠬᠠᠶ  ᠳᠤᠨᠢ ᠰᠠᠶᠢᠲᠤᠷ ᠨᠠᠶᠢᠳᠠᠪᠤᠷᠢᠵᠢᠭᠤᠯᠵᠤ᠂ ᠡᠷᠭᠡᠪᠰᠢ ᠬᠠᠮᠵᠢᠯᠴᠠᠭ᠎ᠠ ᠶᠢ ᠰᠠᠶᠢᠲᠤᠷ ᠵᠣᠬᠢᠴᠠᠭᠤᠯᠵᠦ᠂ ᠡᠷᠭᠡᠪᠰᠢ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠷᠭᠡᠪᠰᠢ ᠬᠢᠨᠠᠯᠲᠠ ᠶᠢ ᠰᠠᠶᠢᠲᠤᠷ ᠪᠣᠲᠠᠲᠠᠶᠢᠵᠢᠭᠤᠯᠵᠤ᠂ ᠡᠷᠭᠡᠪᠰᠢ ᠤᠬᠠᠭᠤᠯᠭ᠎ᠠ ᠶᠢ ᠰᠠᠶᠢᠲᠤᠷ ᠬᠢᠵᠦ ᠬᠦᠳᠦᠯᠦᠨ ᠵᠢᠯᠤᠭᠤᠳᠴᠤ᠂ ᠪᠥᠬᠦ ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠬᠠᠨᠳᠤᠰᠢ ᠶᠢ ᠲᠠᠰᠤ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠡᠸᠤ ᠶᠠᠩ ᠰᠢᠶᠣᠣ ᠬᠤᠶ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ  ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠦᠪᠦᠷ ᠮᠤᠩᠭᠤᠯ ᠳᠠᠬᠢ ᠠᠵᠢᠯ ᠤᠨ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ ᠶᠠᠷᠢᠶ᠎ᠠ ᠲᠠᠯᠪᠢᠵᠠᠶ᠃      ᠯᠢ ᠪᠢᠨ᠂ ᠣᠳᠣᠬᠠᠨ ᠤ ᠬᠢᠵᠢᠭ ᠤᠨ ᠪᠠᠶᠢᠳᠠᠯ ᠤᠨ ᠬᠦᠨᠳᠦ ᠨᠤᠴᠢᠳᠠᠢ ᠴᠢᠨᠠᠷ ᠪᠣᠯᠤᠨ ᠰᠡᠷᠭᠡᠶᠢᠯᠡᠨ ᠡᠵᠡᠮᠳᠡᠬᠦ ᠡᠭᠦᠷᠭᠡ ᠶᠢᠨ ᠪᠡᠷᠬᠡ ᠬᠠᠲᠠᠭᠤᠵᠢᠯᠲᠠᠢ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠡᠩ ᠡᠷᠴᠢᠮ ᠲᠠᠢ᠂ ᠨᠡᠩ ᠲᠦᠷᠭᠡᠨ᠂ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠢ ᠪᠠᠶᠢᠴᠠᠭᠠᠵᠤ ᠡᠬᠢ ᠰᠤᠷᠪᠤᠯᠵᠢ ᠶᠢ ᠮᠥᠷᠳᠡᠬᠦ᠂ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠡᠷᠭᠡᠶᠢᠯᠡᠯᠲᠡ ᠡᠵᠡᠮᠳᠡᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠲᠤ ᠬᠠᠯᠳᠠᠪᠤᠷᠢᠯᠠᠯ ᠰᠢᠨ᠎ᠡ ᠪᠠᠷ ᠨᠡᠮᠡᠭᠳᠡᠬᠦ ᠦᠭᠡᠢ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠭᠦ ᠦᠭᠡᠢ᠂ ᠨᠢᠭᠲᠠ ᠣᠶᠢᠷᠠᠲᠤᠭᠰᠠᠳ ᠪᠤᠯᠤᠨ ᠨᠢᠭᠲᠠ ᠣᠶᠢᠷᠠᠲᠤᠭᠰᠠᠳ ᠲᠠᠢ ᠣᠶᠢᠷᠠᠲᠤᠭᠰᠠᠳ ᠢ ᠨᠢᠭᠡ ᠶᠢ ᠴᠦ ᠠᠯᠳᠠᠯ ᠦᠭᠡᠢ ᠲᠥᠪᠯᠡᠷᠡᠭᠦᠯᠦᠨ ᠲᠤᠰᠠᠭᠠᠷᠯᠠᠭᠤᠯᠬᠤ ᠶᠢ ᠪᠠᠶᠠᠯᠡᠬᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠴᠢᠩᠭ᠎ᠠ ᠨᠠᠷᠢᠯᠢᠭ ᠪᠤᠲᠠᠲᠠᠢ ᠰᠠᠶᠢᠲᠤᠷ ᠠᠳᠬᠤᠵᠤ᠂ ᠣᠷᠣᠨ ᠪᠦᠰᠡ ᠶᠢᠨ ᠬᠠᠮᠵᠢᠯᠴᠠᠬᠤ ᠪᠠᠶᠢᠴᠠᠭᠠᠯᠲᠠ᠂ ᠬᠢᠯᠢ ᠶᠢᠨ ᠪᠣᠭᠤᠮᠲᠠ ᠶᠢᠨ ᠰᠡᠷᠭᠡᠶᠢᠯᠡᠯᠲᠡ ᠡᠵᠡᠮᠳᠡᠯ᠂ ᠪᠤᠰᠤᠳ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠯᠲᠡ ᠡᠵᠡᠮᠳᠡᠯ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠭᠤᠣᠯᠳᠠᠯᠭ᠎ᠠ  ᠲᠠᠢ ᠠᠵᠢᠯ ᠢ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠬᠤ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠴᠢᠬᠤᠯᠠ ᠰᠢᠯᠭᠠᠯᠲᠠ ᠪᠠ ︽ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾ ᠪᠣᠳᠠᠲᠠᠢ ᠠᠵᠢᠯᠯᠠᠭ᠎ᠠ ᠪᠣᠯᠭᠠᠵᠤ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠲᠠᠬᠤᠯ ᠡᠪᠡᠳᠴᠢᠨ ᠤ ᠡᠬᠢ ᠰᠤᠷᠪᠤᠯᠵᠢ ᠶᠢ ᠮᠥᠷᠳᠡᠬᠦ ᠪᠣᠯᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠰᠢᠭᠰᠢᠨ ᠪᠠᠶᠢᠴᠠᠭᠠᠬᠤ ᠠᠬᠢᠴᠠ ᠶᠢ ᠲᠦᠷᠭᠡᠳᠭᠡᠵᠦ᠂ ᠤᠢᠢᠷ᠎ᠠ ᠶᠢᠨ ᠬᠤᠭᠤᠴᠠᠭᠠᠨ ᠳᠤ ᠨᠢᠭᠲᠠ ᠣᠶᠢᠷᠠᠲᠤᠭᠰᠠᠨ ᠲᠡᠦᠬᠡ ᠲᠠᠢ᠂ ᠬᠢᠵᠢᠭ ᠳᠡᠯᠭᠡᠷᠡᠭᠰᠡᠨ ᠣᠷᠣᠨ ᠢᠶᠠᠷ ᠵᠢᠭᠤᠯᠴᠢᠯᠠᠬᠰᠠᠨ ᠲᠡᠦᠬᠡ  ᠲᠠᠢ ᠬᠥᠮᠦᠰ ᠢ ᠱᠠᠯᠠᠪᠳᠠᠭᠤᠯᠤᠨ ᠵᠢᠭᠰᠠᠭᠠᠨ ᠪᠠᠶᠢᠴᠠᠭᠠᠵᠤ᠂ ᠬᠥᠮᠥᠨ ᠤ ᠲᠤᠭ᠎ᠠ ᠲᠣᠳᠣᠷᠬᠠᠢ᠂ ᠬᠥᠮᠦᠨ ᠬᠠᠷ᠎ᠠ ᠲᠣᠳᠣᠷᠬᠠᠢ᠂ ᠣᠷᠣᠨ ᠪᠠᠶᠢᠷᠢ ᠲᠣᠳᠣᠷᠬᠠᠢ᠂ ᠪᠠᠶᠢᠳᠠᠯ ᠲᠣᠳᠣᠷᠬᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠢ ᠴᠢᠩᠭ᠎ᠠ ᠪᠣᠳᠠᠲᠠᠶ ᠰᠠᠶᠢᠲᠤᠷ ᠬᠢᠵᠦ᠂ ᠨᠢᠰᠭᠡᠯ ᠤᠨ ᠪᠠᠭᠤᠳᠠᠯ᠂ ᠪᠣᠭᠤᠮᠲᠠ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠰᠡᠷᠭᠡᠶᠢᠯᠡᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠴᠠᠲᠠᠶ ᠨᠠᠶᠢᠳᠠᠪᠤᠷᠢᠵᠢᠭᠤᠯᠬᠤ ᠬᠡᠷᠡᠭᠲᠡᠢ᠃ ᠣᠨᠣᠰᠢᠯᠠᠭᠰᠠᠨ ᠡᠪᠡᠳᠴᠢᠲᠡᠨ ᠢ ᠬᠦᠴᠦᠨ ᠢᠶᠠᠨ ᠲᠥᠪᠯᠡᠷᠡᠭᠦᠯᠦᠨ ᠠᠪᠤᠷᠠᠨ ᠡᠮᠨᠡᠵᠦ᠂ ᠠᠪᠤᠷᠠᠨ ᠡᠮᠨᠡᠵᠤ ᠡᠳᠡᠭᠡᠷᠡᠭᠦᠯᠬᠦ ᠨᠤᠷᠮ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠢ ᠪᠠᠶᠢᠴᠠᠭᠠᠵᠤ ᠡᠬᠢ ᠰᠤᠷᠪᠤᠯᠵᠢ ᠶᠢ ᠮᠥᠷᠳᠡᠬᠦ᠂ ᠡᠮᠴᠢᠯᠡᠭᠡᠨ ᠤ ᠠᠪᠤᠷᠠᠨ ᠡᠮᠨᠡᠬᠦ ᠪᠠ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠶᠢ ᠲᠦᠷᠭᠡᠳᠭᠡᠨ ᠳᠡᠭᠡᠭᠰᠢᠯᠡᠭᠦᠯᠵᠦ᠂ ᠬᠡᠷᠡᠭᠯᠡᠬᠦ ᠦᠭᠡᠢ ᠪᠤᠯᠪᠠᠴᠦ ᠪᠡᠯᠡᠳᠬᠡᠬᠦ ᠠᠴᠠ ᠪᠢᠰᠢ᠂ ᠬᠡᠷᠡᠭᠯᠡᠬᠦ ᠦᠶ᠎ᠡ ᠳᠤ ᠪᠡᠯᠡᠳᠭᠡᠯ ᠦᠭᠡᠢ ᠪᠠᠶᠢᠵᠤ ᠪᠣᠯᠬᠤ ᠦᠭᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠪᠢᠩ ᠷᠦᠩ᠂ ᠬᠤᠸᠠᠩ ᡁᠢ ᠴᠢᠶᠠᠩ᠂ ᠾᠧᠩ ᠱᠢᠶᠤᠤ ᠹᠠᠨ᠂ ᠴᠢ᠊ ᠪᠠᠲᠤ᠂ ᠪᠦᠦ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ