ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠯᠤᠨ ᠣᠷᠣᠨ ᠤ ᠲᠥᠪ ᠤᠨ ᠡᠯ᠎ᠠ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠠᠷᠠᠳ ᠤᠨ ᠪᠠᠭᠠᠲᠤᠷᠴᠤᠳ ᠲᠤ ᠰᠠᠭᠰᠤᠳᠤ ᠴᠡᠴᠡᠭ ᠬᠦᠷᠭᠡᠪᠡ
ᠨᠡᠶᠢᠲᠡᠯᠡᠭᠰᠡᠨ ᠴᠠᠭ᠄
2021/10/8

1.jpg

      9 ᠰᠠᠷ᠎ᠠ ᠶᠢᠨ 30 ᠤ ᠦᠳᠡ ᠶᠢᠨ ᠡᠮᠤᠨ᠎ᠡ᠂ ᠦᠷᠡᠭᠳᠡᠭᠰᠡᠨ ᠪᠠᠭᠠᠳᠤᠷᠴᠤᠳ ᠤᠨ ᠳᠤᠷᠠᠰᠬᠠᠯ ᠤᠨ ᠡᠳᠤᠷ ᠠᠷᠠᠳ ᠤᠨ ᠪᠠᠭᠠᠳᠤᠷᠴᠤᠳ ᠲᠤ ᠰᠠᠬᠰᠤᠳᠤ

ᠴᠡᠴᠡᠭ ᠬᠦᠷᠬᠡᠬᠦ ᠶᠤᠰᠤᠯᠠᠯ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠤᠶᠤᠯ ᠤᠨ ᠴᠡᠴᠡᠷᠯᠢᠭ ᠤᠨ ᠦᠷᠡᠭᠳᠡᠭᠰᠡᠨ ᠪᠠᠭᠠᠳᠤᠷᠴᠤᠳ ᠤᠨ ᠳᠤᠷᠠᠰᠬᠠᠯ ᠤᠨ

ᠬᠦᠰᠢᠶ᠎ᠡ ᠶᠢᠨ ᠠᠭᠤᠳᠠᠮ ᠳᠠᠯᠠᠪᠠᠢ ᠳᠤ ᠦᠪᠡᠳᠡᠭᠰᠢ ᠶᠡᠭᠡ ᠪᠠᠷ ᠶᠠᠪᠤᠬᠳᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ

ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋

ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠸᠠᠩ ᠯᠢ ᠰᠢᠶᠠ᠂ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ

ᠰᠢᠦ ᠯᠢᠩ ᠵᠡᠷᠬᠡ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠤᠶᠤᠯ ᠤᠨ ᠴᠡᠴᠡᠷᠯᠢᠭ ᠲᠤ ᠬᠦᠷᠴᠤ᠂ ᠤᠷᠤᠨ ᠤ

ᠳᠦᠪ ᠤᠨ ᠡᠯ᠎ᠡ ᠦᠨᠳᠦᠰᠦᠳᠡᠨ ᠡᠯ᠎ᠡ ᠡᠳᠡᠬᠡᠳ ᠤᠨ ᠳᠦᠯᠦᠬᠡᠯᠡᠭᠴᠢᠳ ᠲᠠᠢ ᠬᠠᠮᠳᠤ ᠠᠷᠠᠳ ᠤᠨ ᠪᠠᠭᠠᠳᠤᠷᠴᠤᠳ ᠲᠤ ᠰᠠᠬᠰᠤᠳᠤ ᠴᠡᠴᠡᠭ ᠬᠦᠷᠬᠡᠬᠦ ᠶᠤᠰᠤᠯᠠᠯ ᠳᠤ

ᠤᠷᠤᠯᠴᠠᠬᠰᠠᠨ ᠪᠠᠶᠢᠨ᠎ᠠ᠃

      9 ᠰᠠᠷ᠎ᠠ ᠶᠢᠨ 30 ᠤ ᠡᠳᠦᠷ ᠪᠤᠯ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠮᠦᠨ᠃ ᠲᠤᠰ ᠡᠳᠦᠷ ᠤᠨ ᠦᠳᠡ ᠶᠢᠨ ᠡᠮᠦᠨ᠎ᠡ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ

ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂

ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳᠠᠯᠠᠨ

ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠬᠦᠷᠴᠦ᠂ ᠣᠷᠣᠨ ᠤ ᠲᠥᠪ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ

ᠲᠥᠯᠥᠭᠡᠯᠡᠭᠴᠢᠳ ᠲᠠᠢ ᠬᠠᠮᠲᠤ ᠪᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠰᠠᠭᠰᠤᠳᠤ ᠴᠡᠴᠡᠭ ᠬᠦᠷᠭᠡᠵᠦ᠂ ᠬᠤᠪᠢᠰᠬᠠᠯ ᠤᠨ ᠦᠷᠡᠭᠳᠡᠭᠰᠡᠨ

ᠪᠠᠭᠠᠲᠤᠷᠴᠤᠳ ᠢᠶᠠᠨ ᠭᠦᠨ ᠳᠤᠷᠠᠰᠤᠨ ᠰᠠᠨᠠᠭᠠᠯᠵᠠᠵᠤ᠂ ᠠᠷᠠᠳ ᠤᠨ ᠪᠠᠭᠠᠲᠤᠷᠴᠤᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃

2.jpg

      ᠨᠠᠷᠠᠰᠤ ᠮᠠᠶᠢᠯᠠᠰᠤ ᠪᠠᠷ ᠬᠦᠷᠢᠶᠡᠯᠡᠭᠳᠡᠭᠰᠡᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢᠨ ᠠᠭᠤᠳᠠᠮ ᠲᠠᠯᠠᠪᠠᠢ ᠳᠤ ᠤᠯᠠᠭᠠᠨ ᠲᠤᠭ

ᠨᠠᠮᠢᠷᠠᠵᠤ᠂ ᠲᠥᠪ ᠶᠡᠬᠡᠮᠰᠦᠭ ᠬᠠᠷᠠᠭᠳᠠᠨ᠎ᠠ᠃ ᠠᠤᠭ᠎ᠠ ᠶᠡᠭᠡ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠡᠭᠡᠷ᠎ᠡ ︽ᠠᠷᠠᠳ ᠤᠨ ᠪᠠᠭᠠᠲᠤᠷᠴᠤᠳ

ᠥᠨᠢᠳᠡ ᠪᠠᠯᠠᠷᠠᠰᠢ ᠦᠭᠡᠢ︾ ᠭᠡᠬᠦ ᠪᠢᠴᠢᠭᠡᠰᠦ ᠨᠡᠷᠡᠨ ᠤ ᠭᠡᠷᠡᠯ ᠳᠤ ᠬᠢᠯᠠᠯᠵᠠᠵᠤ᠂ ᠳᠤᠷᠠᠰᠬᠠᠯ ᠤᠨ ᠬᠦᠰᠢᠶ᠎ᠡ ᠶᠢᠨ ᠡᠮᠦᠨ᠎ᠡ 7 ᠲᠤᠮᠤ ᠰᠠᠭᠰᠤᠳᠤ ᠴᠡᠴᠡᠭ ᠲᠠᠯᠪᠢᠵᠤ᠂

ᠬᠥᠮᠦᠰ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ

ᠳᠡᠪᠰᠢᠭᠦᠯᠵᠦ ᠪᠠᠶᠢᠬᠤ ᠶᠢ ᠢᠯᠡᠳᠬᠡᠨ᠎ᠡ᠃

      9 ᠴᠠᠭ ᠦᠢᠷᠠᠳᠬᠤ ᠪᠠᠷ᠂ ︽ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠪᠦᠷᠢᠶ᠎ᠡ︾ ᠶᠢᠨ ᠭᠦᠨ ᠴᠢᠬᠢᠮᠠᠢ ᠠᠯᠤᠰ ᠬᠤᠯᠠ ᠶᠢᠨ ᠬᠥᠭ

ᠠᠶᠠᠰ ᠲᠤᠬᠠᠶ ᠶᠢᠨ ᠲᠠᠯᠠᠪᠠᠶ ᠳᠤ ᠬᠠᠩᠬᠢᠨᠠᠵᠥ᠂ 20 ᠶᠣᠰᠣᠯᠠᠯ ᠤᠨ ᠴᠡᠷᠢᠭ ᠢᠳᠡᠷᠡᠭᠦᠨ ᠠᠯᠬᠤᠭ᠎ᠠ ᠪᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ

ᠬᠥᠰᠢᠶ᠎ᠡ ᠶᠢᠨ ᠬᠤᠶᠠᠷ ᠲᠠᠯ᠎ᠠ ᠳᠤ ᠬᠦᠷᠴᠦ ᠫᠤᠤ ᠠᠳᠬᠤᠨ ᠵᠣᠭᠰᠣᠪᠠ᠃

3.jpg

      9 ᠴᠠᠭ ᠲᠤ᠂ ᠠᠷᠠᠳ ᠤᠨ ᠪᠠᠭᠠᠲᠤᠷᠴᠤᠳ ᠲᠤ ᠰᠠᠭᠰᠤᠳᠤ ᠴᠡᠴᠡᠭ ᠬᠦᠷᠭᠡᠬᠦ ᠶᠣᠰᠣᠯᠠᠯ ᠵᠢᠩᠬᠢᠨᠢ ᠪᠠᠷ ᠡᠬᠢᠯᠡᠪᠡ᠃ ᠴᠡᠷᠢᠭ ᠤᠨ ᠬᠥᠭᠵᠢᠮ ᠤᠨ ᠠᠩᠬᠢ ᠰᠦᠷ

ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠪᠦᠬᠦ ᠬᠥᠮᠦᠰ ᠪᠦᠬᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ ᠴᠤᠭ ᠪᠠᠳᠠᠷᠠᠩᠭᠤᠢ ᠬᠦᠭ ᠠᠶᠠᠰ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠨ

ᠨᠢᠭᠡᠪᠦᠷᠢ ᠶᠢ ᠤᠶᠠᠷᠠᠭᠤᠯᠤᠨ ᠵᠤᠷᠢᠬᠵᠢᠭᠤᠯᠤᠨ᠎ᠠ᠃

      ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ ᠪᠠᠷᠠᠭᠰᠠᠨ ᠤ ᠳᠠᠷᠠᠭ᠎ᠠ᠂ ᠪᠦᠬᠦ ᠬᠥᠮᠦᠰ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ

ᠬᠦᠰᠢᠶ᠎ᠡ ᠶᠢᠨ ᠡᠮᠦᠨ᠎ᠡ ᠬᠢᠴᠢᠶᠡᠩᠭᠦ᠋ᠢᠯᠡᠨ ᠵᠣᠭᠰᠣᠵᠤ᠂ ᠨᠠᠮᠠᠨᠴᠢᠯᠠᠨ ᠭᠠᠰᠢᠭᠤᠳᠠᠪᠠ᠃ ᠳᠠᠷᠠᠭ᠎ᠠ ᠨᠢ᠂ ᠰᠣᠷᠭᠤᠭ ᠴᠡᠴᠡᠭ ᠠᠳᠬᠤᠭᠰᠠᠨ ᠪᠠᠭᠠᠴᠤᠳ ᠤᠨ ᠬᠤᠰᠢᠭᠤᠴᠢ

ᠠᠩᠬᠢ ᠶᠢᠨ ᠭᠡᠰᠢᠭᠦᠳ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠶᠢ ᠡᠷᠭᠦᠨ ᠳᠠᠭᠤᠯᠠᠭᠰᠠᠨ ᠪᠥᠭᠡᠳ ᠪᠠᠭᠠᠴᠤᠳ ᠤᠨ

ᠬᠤᠰᠢᠭᠤᠴᠢ ᠠᠩᠬᠢ ᠶᠢᠨ ᠶᠣᠰᠣ ᠭᠦᠢᠴᠡᠳᠬᠡᠪᠡ᠃

4.jpg

      ᠭᠦᠨ ᠰᠡᠳᠬᠢᠯᠭᠡ ᠲᠠᠢ ︽ᠴᠡᠴᠡᠭ ᠬᠦᠷᠭᠡᠬᠦ ᠠᠶᠠᠰ︾ ᠲᠤ᠂ 14 ᠶᠣᠰᠣᠯᠠᠯ ᠤᠨ ᠴᠡᠷᠢᠭ 7 ᠰᠠᠭᠰᠤᠳᠤ ᠴᠡᠴᠡᠭ ᠢ ᠡᠷᠭᠦᠨ ᠦᠷᠡᠭᠳᠡᠭᠰᠡᠨ

ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠵᠦᠭ ᠠᠯᠭᠤᠷᠬᠠᠨ ᠠᠯᠬᠤᠵᠤ᠂ ᠰᠠᠭᠰᠤᠳᠤ ᠴᠡᠴᠡᠭ ᠢ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠨᠢᠭᠡ ᠮᠥᠷ ᠲᠤ

ᠦᠷᠦᠵᠦ ᠲᠠᠯᠪᠢᠪᠠ᠃ ᠰᠠᠭᠰᠤᠳᠤ ᠴᠡᠴᠡᠭ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠴᠡᠷᠢᠭ ᠤᠨ ᠲᠣᠭᠤᠷᠢᠭ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠥᠮᠦᠰ᠂

ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠲᠤᠰ ᠲᠤᠰ ᠬᠦᠷᠬᠡᠪᠡ᠃ ᠱᠢ ᠲᠠᠢ ᠹᠧᠩ ᠨᠡᠷ ᠰᠠᠭᠰᠤᠳᠤ ᠴᠡᠴᠡᠭ ᠤᠨ ᠡᠮᠦᠨ᠎ᠡ ᠠᠯᠭᠤᠷᠬᠠᠨ ᠠᠯᠬᠤᠨ ᠬᠦᠷᠴᠦ᠂

ᠰᠠᠭᠰᠤᠳᠤ ᠴᠡᠴᠡᠭ ᠤᠨ ᠡᠮᠦᠨ᠎ᠡ ᠵᠣᠭᠰᠣᠵᠦ ᠰᠢᠷᠳᠡᠬᠦ ᠶᠤᠰᠤ ᠭᠦᠢᠴᠡᠳᠭᠡᠪᠡ᠃

5.jpg

      ᠱᠢ ᠲᠠᠢ ᠹᠧᠩ ᠤᠷᠤᠭᠰᠢ ᠠᠯᠬᠤᠵᠤ᠂ ᠭᠦᠨ ᠮᠡᠬᠦ᠋ᠢᠨ ᠶᠣᠰᠣᠯᠠᠵᠤ᠂ ᠰᠠᠭᠰᠤᠳᠤ ᠴᠡᠴᠡᠭ ᠤᠨ ᠲᠣᠷᠭᠠᠨ ᠪᠦᠰᠡ ᠶᠢ ᠨᠢᠮᠪᠠᠢ ᠲᠢᠭᠯᠡᠵᠦ᠂ ᠲᠠᠷᠠᠭ᠎ᠠ ᠨᠢ

ᠠᠯᠭᠤᠷᠬᠠᠨ ᠢᠶᠠᠷ ᠨᠢᠭᠡ ᠲᠣᠭᠤᠷᠢᠵᠤ᠂ ᠳᠤᠷᠠᠰᠬᠠᠯ ᠤᠨ ᠬᠦᠰᠢᠶ᠎ᠡ ᠶᠢ ᠭᠦᠨ ᠰᠡᠳᠬᠢᠯᠭᠡ ᠲᠠᠢ ᠪᠠᠷ ᠪᠠᠷᠠᠯᠠᠪᠠ᠃ ᠸᠠᠩ ᠯᠢ ᠰᠢᠶᠠ᠂ ᠯᠢ ᠰᠢᠤ ᠯᠢᠩ ᠵᠡᠷᠭᠡ ᠥᠪᠡᠷᠲᠡᠭᠡᠨ

ᠵᠠᠰᠠᠬᠤ ᠣᠷᠣᠨ ᠤ ᠮᠤᠵᠢ ᠠᠷᠮᠢ ᠶᠢᠨ ᠲᠡᠰ ᠤᠨ ᠤᠳᠤᠷᠢᠳᠤᠯᠭ᠎ᠠ ᠤᠷᠢᠳ ᠬᠤᠵᠢᠳ ᠮᠡᠬᠦ᠋ᠢᠨ ᠶᠣᠰᠣᠯᠠᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ

ᠬᠦᠰᠢᠶ᠎ᠡ ᠶᠢ ᠪᠠᠷᠠᠳᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠲᠠᠬᠢᠨ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ

ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠪᠠᠭᠠᠴᠤᠳ ᠬᠡᠦᠬᠡᠳ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠪᠠᠰᠠ ᠲᠡᠰ ᠲᠠᠷᠠᠭ᠎ᠠ ᠲᠠᠢ ᠪᠠᠷ

ᠰᠣᠷᠭᠤᠭ ᠴᠡᠴᠡᠭ ᠬᠦᠷᠭᠡᠵᠦ᠂ ᠳᠤᠷᠠᠰᠬᠠᠯ ᠤᠨ ᠬᠦᠰᠢᠶ᠎ᠡ ᠶᠢ ᠪᠠᠷᠠᠯᠠᠨ᠂ ᠠᠷᠠᠳ ᠤᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃

6.jpg

      ᠰᠠᠭᠰᠤᠳᠤ ᠴᠡᠴᠡᠭ ᠬᠦ᠋ᠷᠭᠡᠬᠦ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ

ᠬᠤᠷᠢᠶᠠᠨ ᠤ ᠱᠦᠵᠢ ᠪᠦᠦ ᠭᠠᠩ ᠡᠷᠭᠢᠯᠡᠵᠡᠢ᠃

7.jpg

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠵᠠᠰᠠᠭ ᠤᠨ ᠣᠷᠳᠣᠨ᠂

ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ

ᠮᠣᠩᠭᠤᠯ ᠤᠨ ᠶᠡᠷᠦᠩᠬᠡᠶ ᠠᠩᠭᠢ ᠶᠢᠨ ᠤᠳᠤᠷᠢᠳᠬᠤ ᠨᠥᠬᠦᠳ ᠰᠠᠭᠰᠤᠳᠤ ᠴᠡᠴᠡᠭ ᠬᠦ᠋ᠷᠭᠡᠬᠦ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠡᠯ᠎ᠡ

ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠥᠬᠡᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠨᠡᠶᠢᠳᠡ 1200

ᠭᠠᠷᠤᠢ ᠬᠥᠮᠦᠨ ᠰᠠᠭᠰᠤᠳᠤ ᠴᠡᠴᠡᠭ ᠬᠦᠷᠭᠡᠬᠦ ᠶᠣᠰᠣᠯᠠᠯ ᠳᠤ ᠣᠷᠣᠯᠴᠠᠵᠠᠢ᠃

8.jpg

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ