ᡁᠢ ᠱᠦ ᠫᠢᠩ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠬᠥᠯᠥᠨ ᠪᠤᠶᠢᠷ ᠬᠤᠳᠠ ᠳᠤ ᠭᠦᠨᠵᠡᠭᠡᠶᠢᠷᠡᠵᠥ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠬᠤ ᠳᠠᠭᠠᠨ ᠡᠬᠢ ᠦᠨᠳᠦᠰᠦ ᠠᠴᠠ ᠨᠢ ᠬᠦᠴᠦᠳᠠᠢ ᠵᠠᠰᠠᠵᠤ ᠲᠦᠷᠢᠮ ᠲᠣᠭᠲᠠᠭᠠᠯ ᠲᠣᠭᠲᠠᠭᠠᠬᠤ ᠠᠵᠢᠯ ᠢ ᠬᠦᠴᠦᠯᠡᠨ ᠠᠬᠢᠭᠤᠯᠵᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢ ᠤᠷᠳᠤᠰᠬᠠᠨ ᠭᠦᠨᠵᠡᠭᠡᠶᠢᠷᠡᠭᠦᠯᠬᠦ ᠠᠵᠢᠯ ᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/8
      9 ᠰᠠᠷ᠎ᠠ ᠶᠢᠨ 26 ᠠᠴᠠ 28 ᠤ ᠡᠳᠦᠷ ᠪᠣᠯᠲᠠᠯ᠎ᠠ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᡁᠢ ᠱᠦ ᠫᠢᠩ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠬᠥᠯᠥᠨ ᠪᠤᠶᠢᠷ ᠬᠤᠳᠠ ᠳᠤ ᠭᠦᠨᠵᠡᠭᠡᠶᠢᠷᠡᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ᠃ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠹᠠᠨ ᠰᠢᠤᠢ ᠶᠢᠨ ᠱᠠᠯᠠᠪᠳᠠᠭᠤᠯᠤᠨ ᠵᠢᠯᠣᠭᠤᠳᠬᠤ ᠳᠤ ᠣᠷᠣᠯᠴᠠᠪᠠ᠃      ᡁᠢ ᠱᠦ ᠫᠢᠩ ᠨᠡᠷ ᠤᠷᠢᠳ ᠬᠤᠵᠢᠳ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠶᠡᠭᠡ ᠬᠢᠩᠭᠠᠨ ᠳᠠᠪᠠᠭ᠎ᠠ ᠶᠢᠨ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠭᠤᠴᠢᠨ ᠪᠠᠷᠭᠤ ᠬᠤᠰᠢᠭᠤᠨ ᠤ ᠱᠤᠩᠬᠤᠷ ᠮᠣᠷᠢᠲᠤ ᠴᠠᠭᠳᠠᠭᠠᠨ ᠤ ᠠᠩᠬᠢ᠂ ᠾᠧᠢ ᠱᠠᠨ ᠳᠧᠦ ᠬᠢᠯᠢ ᠶᠢᠨ ᠬᠠᠮᠢᠶᠠᠷᠤᠯᠲᠠ ᠶᠢᠨ ᠭᠠᠵᠠᠷ᠂ ᠮᠠᠨᠵᠤᠤᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠮᠠᠨᠵᠤᠤᠷ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶ᠎ᠠ ᠪᠠ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠲᠣᠪᠴᠢᠶ᠎ᠠ ᠵᠡᠷᠭᠡ ᠨᠢᠭᠡᠴᠢ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠡᠬᠡ ᠳᠠᠩᠰᠠ ᠮᠠᠲ᠋ᠧᠷᠢᠶᠠᠯ ᠢ ᠪᠠᠶᠢᠴᠠᠭᠠᠨ ᠦᠵᠡᠬᠦ᠂ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠤᠯᠢᠯᠴᠠᠬᠤ᠂ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠡᠷᠭᠢᠨ ᠦᠵᠡᠵᠦ ᠲᠣᠬᠤᠨᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠨᠢᠭᠡᠳᠦᠭᠡᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠤᠨᠳᠤᠤᠰᠢᠭᠤᠯᠤᠭᠰᠠᠨ ᠪᠠᠶᠢᠳᠠᠯ ᠪᠠ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢ ᠥᠷᠨᠢᠭᠦᠯᠵᠤ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠵᠠᠢ᠃ ᡁᠢ ᠱᠦ ᠫᠢᠩ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠨᠢᠭᠡᠴᠢ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠬᠥᠮᠦᠵᠢᠯ ᠴᠡᠭᠴᠡᠯᠡᠯᠲᠡ ᠪᠣᠯᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠠᠢ ᠵᠤᠯᠭᠠᠭᠤᠯᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠠᠷᠬᠠᠭ ᠭᠡᠮ ᠢ ᠴᠡᠭᠴᠡᠯᠡᠨ ᠵᠠᠰᠠᠬᠤ ᠶᠢ ᠠᠬᠢᠭᠤᠯᠬᠤ ᠵᠡᠷᠭᠡ ᠠᠵᠢᠯ ᠤᠨ ᠪᠠᠶᠢᠳᠠᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠴᠠᠢ᠃      ᡁᠢ ᠱᠦ ᠫᠢᠩ᠂ ᠣᠳᠣᠬᠠᠨ ᠳᠤ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠨᠢᠭᠡᠨᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠳᠤ ᠣᠷᠣᠪᠠ᠂ ᠡᠨᠡ ᠪᠣᠯ ᠦᠨᠡᠨ ᠬᠦ ᠬᠠᠲᠠᠭᠤ ᠲᠠᠢ ᠬᠠᠯᠳᠠᠵᠤ᠂ ᠠᠮᠢᠨ ᠭᠠᠵᠠᠷ ᠢ ᠨᠢ ᠬᠦᠨᠳᠡᠬᠦ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠪᠠ ᠦᠨᠳᠦᠰᠦᠨ ᠱᠠᠲᠤᠨ ᠤ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠬᠢᠨ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠶᠢ ᠤᠷᠲᠤᠰᠬᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠠᠵᠢᠯ ᠤᠨ ᠡᠭᠦᠷᠭᠡ ᠶᠢ ᠤᠷᠲᠤᠰᠬᠠᠬᠤ ᠶᠢ ᠬᠦᠴᠦᠯᠡᠨ ᠰᠠᠶᠢᠲᠤᠷ ᠬᠢᠵᠦ᠂ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠳᠤ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ ᠠᠰᠠᠭᠤᠳᠠᠯ ᠳᠤ ᠬᠠᠨᠳᠤᠭᠤᠯᠤᠨ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠳᠤ ᠲᠦᠷᠢᠮ ᠲᠣᠭᠲᠠᠭᠠᠯ ᠲᠣᠭᠲᠠᠭᠠᠵᠤ᠂ ︽ᠣᠳᠣᠬᠠᠨ ᠳᠤ ᠵᠠᠰᠠᠬᠤ︾ ᠪᠠ ︽ᠤᠷᠳᠤ ᠬᠤᠭᠤᠴᠠᠭᠠᠨ ᠤ ᠳᠦᠷᠢᠮ ᠲᠤᠭᠳᠠᠭᠠᠯ ᠢ ᠲᠤᠭᠳᠠᠭᠠᠬᠤ︾ ᠶᠢ ᠨᠢᠭᠡᠳᠦᠯᠲᠡᠢ ᠲᠥᠯᠥᠪᠵᠢᠭᠦᠯᠵᠦ᠂ ᠵᠠᠰᠠᠬᠤ ᠪᠠ ᠲᠤᠭᠳᠠᠭᠠᠬᠤ ᠶᠢ ᠵᠡᠷᠭᠡ ᠪᠠᠷ ᠠᠳᠬᠤᠬᠤ᠂ ᠤᠷᠳᠤ ᠬᠤᠭᠤᠴᠠᠭ᠎ᠠ ᠪᠠᠷ ᠪᠦᠲᠦᠮᠵᠢᠳᠠᠢ ᠪᠠᠶᠢᠬᠤ᠂ ᠤᠷᠳᠤ ᠬᠤᠭᠤᠴᠠᠭ᠎ᠠ ᠪᠠᠷ ᠵᠠᠰᠠᠬᠤ ᠶᠢ ᠪᠡᠶᠡᠯᠡᠭᠦᠯᠵᠦ᠂ ᠬᠤᠶᠠᠷ ᠪᠦᠯᠦᠭ ᠤᠨ ᠬᠥᠮᠦᠵᠢᠯ ᠴᠡᠭᠴᠡᠯᠡᠯᠲᠡ ᠶᠢ ᠨᠢᠭᠲᠠ ᠵᠣᠯᠭᠠᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠦᠳᠡᠯᠦᠯᠴᠡᠬᠦ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᡁᠢ ᠱᠦ ᠫᠢᠩ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠶ ᠪᠣᠳᠠᠲᠠᠶ ᠠᠬᠢᠭᠤᠯᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠥᠷᠭᠡᠨ ᠢᠶᠠᠷ ᠥᠷᠨᠢᠭᠦᠯᠵᠦ᠂ ᠦᠵᠡᠯ ᠰᠠᠨᠠᠭᠠᠨ ᠤ ᠳᠠᠶᠢᠴᠢᠯᠠᠯᠲᠠ ᠶᠢ ᠰᠠᠶᠢᠲᠤᠷ ᠬᠢᠵᠦ᠂ ᠤᠯᠤᠰ ᠲᠥᠷᠥ ᠬᠠᠤᠯᠢ ᠴᠠᠭᠠᠵᠠ ᠶᠢᠨ ᠥᠷᠭᠡᠨ ᠣᠯᠠᠨ ᠺᠠᠳ᠋ᠷ ᠴᠠᠭᠳᠠᠭ᠎ᠠ ᠶᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ᠃ ᠵᠣᠷᠢᠯᠲᠠᠲᠦ ᠤᠬᠠᠮᠰᠠᠷ ᠢ ᠴᠢᠨᠠᠭᠰᠢᠲᠠ ᠪᠠᠲᠤ ᠪᠣᠢ ᠪᠣᠯᠭᠠᠵᠤ᠂ ᠣᠯᠠᠨ ᠲᠦᠮᠡᠨ ᠤ ᠤᠴᠢᠷ ᠶᠠᠪᠤᠲᠠᠯ ᠢ ᠴᠠᠭ ᠢᠮᠠᠭᠲᠠ ᠰᠡᠳᠬᠢᠯ ᠳᠡᠭᠡᠨ ᠪᠣᠳᠣᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠨ᠎ᠠ︾ ᠬᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠢ ᠰᠠᠶᠢᠲᠤᠷ ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠵᠣᠪᠠᠭᠤᠷᠢ ᠵᠦᠳᠡᠭᠦᠷᠢ ᠶᠢ ᠴᠢᠨᠠᠬᠰᠢᠳᠠ ᠠᠩᠬᠠᠷᠴᠤ᠂ ︽ᠪᠢ ᠦᠨᠳᠦᠰᠦᠨ ᠱᠠᠲᠤᠨ ᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦᠨ᠎ᠠ︾ ᠭᠡᠬᠦ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠳᠤ ᠬᠥᠮᠦᠵᠢᠯ ᠴᠡᠭᠴᠡᠯᠡᠯᠲᠡ ᠠᠴᠠ ᠪᠣᠯᠤᠭᠰᠠᠨ ᠰᠢᠨ᠎ᠡ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ ᠬᠡᠵᠦ ᠵᠢᠭᠠᠵᠦ ᠭᠠᠷᠭᠠᠪᠠ᠃      ᡁᠢ ᠱᠦ ᠫᠢᠩ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠭᠤᠣᠯ ᠤᠷᠤᠰᠬᠠᠯ ᠪᠣᠯ ᠰᠠᠶᠢᠨ ᠶᠤᠮ᠂ ᠨᠠᠮ ᠪᠣᠯᠤᠨ ᠠᠷᠠᠳ ᠲᠦᠮᠡᠨ ᠤ ᠢᠲᠡᠭᠡᠵᠦ ᠪᠣᠯᠬᠤ ᠡᠩᠨᠡᠭᠡ ᠮᠥᠨ᠃ ᠬᠥᠯᠥᠨ ᠪᠤᠶᠢᠷ ᠬᠤᠲᠠ ᠶᠢᠨ ᠦᠨᠳᠦᠰᠦᠨ ᠱᠠᠲᠤᠨ ᠤ ᠥᠷᠭᠡᠨ ᠣᠯᠠᠨ ᠺᠠᠳ᠋ᠷ ᠴᠠᠭᠳᠠᠭ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠤᠨ ᠪᠠᠶᠢᠷᠢ ᠳᠡᠭᠡᠷ᠎ᠡ ᠡᠷᠡᠯᠬᠡᠭ ᠪᠠᠭᠠᠲᠤᠷᠯᠢᠭ ᠪᠠᠶᠢᠵᠦ᠂ ᠬᠠᠷᠠᠮ ᠥᠬᠡᠶ ᠬᠤᠪᠢ ᠨᠡᠮᠡᠷᠢ ᠦᠵᠡᠭᠦᠯᠵᠦ᠂ ᠬᠢᠵᠢᠭ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠬᠠᠤ ᠵᠡᠷᠭᠡ ᠴᠢᠬᠤᠯᠠ ᠶᠡᠭᠡ ᠡᠭᠦᠷᠭᠡ ᠶᠢᠨ ᠡᠮᠦᠨ᠎ᠡ ᠡᠮᠦᠨ᠎ᠡ ᠨᠢ ᠭᠠᠪᠰᠢᠭᠠᠶᠢᠯᠠᠵᠤ᠂ ᠦᠷᠭᠦᠯᠵᠢᠯᠡᠨ ᠲᠡᠮᠡᠴᠡᠪᠡ᠃ ᠳᠡᠷᠭᠡᠳᠡᠬᠢ ᠨᠡᠶᠢᠲᠡᠯᠢᠭ ᠵᠢᠱᠢᠶ᠎ᠡ ᠶᠢ ᠰᠣᠩᠭᠤᠨ ᠱᠤᠭᠤᠵᠦ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠴᠠᠭ ᠦᠶ᠎ᠡ ᠶᠢᠨ ᠵᠢᠱᠢᠶᠡᠴᠢ᠂ ᠴᠠᠭ ᠦᠶ᠎ᠡ ᠶᠢᠨ ᠲᠥᠪ ᠰᠤᠷᠲᠠᠯ᠂ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠬᠦᠴᠦᠷᠬᠡᠭ ᠶᠡᠭᠡ ᠢᠳᠡᠪᠬᠢ ᠬᠦᠴᠦᠨ ᠢ ᠪᠠᠳᠠᠷᠠᠭᠤᠯᠤᠨ᠂ ᠪᠦᠬᠦ ᠨᠡᠶᠢᠭᠡᠮ ᠢᠶᠠᠷ ᠢᠶᠠᠨ ᠪᠠᠭᠠᠲᠤᠷ ᠵᠢᠱᠢᠶᠡᠴᠢ ᠠᠴᠠ ᠲᠠᠭᠠᠨ ᠰᠤᠷᠤᠯᠴᠠᠬᠤ᠂ ᠪᠠᠭᠠᠲᠤᠷ ᠵᠢᠱᠢᠶᠡᠴᠢ ᠶᠢ ᠬᠦᠨᠲᠦᠳᠭᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠲᠤᠪᠤᠶᠢᠯᠭᠠᠵᠤ᠂ ᠬᠡᠷᠡᠭ ᠢᠶᠠᠷ ᠲᠤᠯᠢ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ︽ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ︾ ᠢᠶᠠᠷ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠶᠢ ᠪᠠᠷᠢᠮᠲᠠᠯᠠᠬᠤ ᠬᠡᠷᠡᠭᠲᠡᠢ᠃ ᠥᠷᠭᠡᠨ ᠤᠯᠠᠨ ᠺᠠᠳ᠋ᠷ ᠴᠠᠭᠳᠠᠭ᠎ᠠ ᠢᠯᠠᠩᠭᠤᠶ᠎ᠠ ᠤᠳᠤᠷᠢᠳᠬᠤ ᠺᠠᠳ᠋ᠷᠴᠤᠳ ᠢ ᠰᠡᠷᠡᠮᠵᠢᠯᠡᠭᠦᠯᠦᠨ ᠴᠡᠭᠡᠷᠯᠡᠭᠦᠯᠵᠦ᠂ ᠲᠤᠯᠢ ᠪᠤᠯᠭᠠᠠ ᠴᠡᠭᠡᠷᠯᠡᠭᠦᠯᠵᠦ᠂ ᠤᠯᠤᠰ ᠲᠦᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠱᠠᠯᠠᠪᠳᠠᠭᠤᠯᠤᠨ ᠵᠢᠯᠤᠭᠤᠳᠬᠤ ᠳᠤ ᠪᠠᠷ᠎ᠠ ᠪᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ