ᠸᠠᠩ ᠯᠢ ᠰᠢᠶᠠ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠳᠡᠭᠡᠷ᠎ᠡ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠵᠥ ᠪᠦᠬᠦ ᠬᠦᠴᠦᠨ ᠢᠶᠠᠷ ᠢᠶᠠᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ ᠪᠦᠬᠦ ᠳᠠᠯ᠎ᠠ ᠶᠢᠨ ᠠᠮᠤᠷ ᠲᠦᠪᠰᠢᠨ ᠢ ᠰᠠᠬᠢᠵᠤ ᠠᠷᠠᠳ ᠲᠦᠮᠡᠨ ᠤ ᠠᠮᠤᠷ ᠠᠮᠤᠭᠤᠯᠠᠩ ᠢ ᠬᠠᠮᠠᠭᠠᠯᠠᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/8
      9 ᠰᠠᠷ᠎ᠠ ᠶᠢᠨ 30 ᠤ ᠡᠳᠦᠷ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠡᠨᠡ ᠵᠢᠯ ᠠᠴᠠ ᠨᠠᠭᠠᠰᠢᠬᠢ ᠪᠥᠬᠦ ᠣᠷᠣᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠪᠣᠯᠤᠨ ᠣᠷᠳᠣᠰ ᠬᠤᠲᠠ᠂ ᠪᠠᠶᠠᠨᠨᠠᠭᠤᠷ ᠬᠤᠲᠠ ᠶᠢᠨ ᠬᠢᠨ ᠲᠣᠰ ᠲᠣᠰ ᠦᠭᠡ ᠬᠡᠯᠡᠪᠡ᠃      ᠸᠠᠩ ᠯᠢ ᠰᠢᠶᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠶᠡᠭᠡ ᠵᠠᠷᠴᠢᠮ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠢ ᠢᠮᠠᠭᠲᠠ ᠲᠦᠢᠯ ᠤᠨ ᠴᠢᠬᠤᠯᠠ ᠡᠭᠦᠷᠭᠡ ᠪᠠ ᠬᠠᠷᠢᠭᠤᠴᠠᠯᠭ᠎ᠠ ᠪᠣᠯᠭᠠᠵᠤ᠂ ᠪᠥᠬᠦ ᠬᠦᠴᠦᠨ ᠢᠶᠠᠷ ᠢᠶᠠᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠪᠦᠬᠦ ᠳᠠᠯ᠎ᠠ ᠶᠢᠨ ᠠᠮᠤᠷ ᠲᠦᠪᠰᠢᠨ ᠢ ᠰᠠᠬᠢᠵᠤ᠂ ᠠᠷᠠᠳ ᠲᠦᠮᠡᠨ ᠤ ᠠᠮᠤᠷ ᠠᠮᠤᠭᠤᠯᠠᠩ ᠢ ᠬᠠᠮᠠᠭᠠᠯᠠᠵᠤ᠂ ᠠᠶᠤᠯᠭᠦᠶ ᠦᠢᠯᠡᠳᠪᠦᠷᠢᠯᠡᠯ ᠤᠨ ᠤᠯᠠᠭᠠᠨ ᠱᠤᠭᠤᠮ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠰᠠᠶᠢᠲᠤᠷ ᠭᠦᠢᠴᠡᠳᠬᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠬᠡᠵᠥ ᠦᠬᠡᠢ᠂ ᠴᠠᠭ ᠢᠮᠠᠭᠲᠠ ︽ᠰᠢᠨ᠎ᠡ ᠡᠬᠢᠯᠡᠯᠲᠡ︾ ᠪᠣᠯᠤᠨ᠎ᠠ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠥᠴᠦᠬᠡᠨ ᠴᠦ ᠠᠯᠳᠠᠰᠢ ᠭᠠᠷᠭᠠᠬᠤ ᠦᠭᠡᠢ ᠪᠠᠷ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠡᠮ ᠰᠣᠭᠤᠭ ᠪᠣᠯ ᠳᠠᠷᠤᠢ ᠠᠳᠡᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ᠂ ᠪᠠᠷᠢᠯᠭ᠎ᠠ᠂ ᠰᠢᠲᠠᠮᠠᠬᠠᠶ ᠬᠡᠶ᠂ ᠵᠢᠭᠤᠯᠴᠢᠯᠠᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠣᠯᠠᠨ ᠨᠡᠶᠢᠲᠡ ᠶᠢᠨ ᠠᠮᠤᠷ ᠲᠦᠪᠰᠢᠨ᠂ ᠵᠠᠮ ᠬᠠᠷᠢᠯᠴᠠᠭ᠎ᠠ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠴᠤᠬᠤᠶᠢᠬᠤ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠰᠠᠶᠢᠲᠤᠷ ᠠᠳᠬᠤᠵᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠡᠰᠡᠭ ᠤᠯᠠᠨ ᠤᠯᠤᠰ ᠤᠨ ᠵᠢᠰᠢᠶᠠᠨ ᠤ ᠨᠢᠰᠬᠡᠯ ᠪᠣᠯᠤᠨ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠶᠠᠪᠤᠴᠠ ᠳᠤ ᠪᠢᠲᠡᠭᠦᠮᠵᠢᠯᠡᠬᠦ ᠬᠠᠮᠢᠶᠠᠷᠤᠯᠲᠠ ᠶᠢ ᠴᠢᠩᠭ᠎ᠠ ᠠᠳᠬᠤᠬᠤ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠪᠣᠯᠤᠨ ᠬᠡᠮ ᠰᠣᠭᠤᠭ ᠢ ᠬᠢᠨᠠᠨ ᠬᠡᠮᠵᠢᠵᠦ ᠡᠵᠡᠮᠳᠡᠬᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠬᠡᠵᠥ ᠴᠢᠬᠤᠯᠠᠴᠢᠯᠠᠪᠠ᠃      ᠸᠠᠩ ᠯᠢ ᠰᠢᠶᠠ᠂ ᠠᠮᠤᠷ ᠲᠦᠪᠰᠢᠨ ᠪᠣᠯ ︽ᠬᠤᠷᠢᠭ᠎ᠠ ᠱᠤᠭᠤᠮ ᠤᠨ ᠳᠣᠲᠣᠷᠠᠬᠢ ᠬᠤᠷᠢᠭ᠎ᠠ ᠱᠤᠭᠤᠮ︾ ᠮᠥᠨ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠶᠢᠨ ᠲᠦᠷᠢᠮ ᠭᠡᠬᠦ ᠡᠨᠡ ᠬᠦ ︽ᠵᠢᠯᠣᠭᠤ︾ ᠶᠢ ᠴᠢᠩᠭ᠎ᠠ ᠠᠳᠬᠤᠵᠤ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠭᠠᠵᠠᠷ ᠣᠷᠣᠨ ᠨᠢᠭᠡᠪᠦᠷᠢ᠂ ᠰᠠᠯᠠᠭ᠎ᠠ ᠮᠥᠴᠢᠷ ᠨᠢᠭᠡᠪᠦᠷᠢ᠂ ᠬᠦᠷᠢᠶ᠎ᠡ  ᠬᠡᠪᠴᠢᠶ᠎ᠡ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠵᠤ᠂ ᠪᠦᠬᠦ ᠠᠵᠢᠯᠳᠠᠨ ᠤ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦ ᠤᠷᠤᠨ ᠪᠦᠰᠡ ᠶᠢᠨ ᠬᠠᠷᠢᠭᠤᠴᠠᠯᠭ᠎ᠠ ᠶᠢᠨ ᠪᠢᠲᠡᠭᠦᠮᠵᠢᠯᠡᠭᠰᠡᠨ ᠰᠢᠰᠲ᠋ᠧᠮ ᠢ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠦᠨᠡᠨ ᠭᠦ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠶ ᠯᠢ ᠬᠤᠸᠠ᠂ ᠡᠸᠤ ᠶᠠᠩ ᠰᠢᠶᠤᠤ ᠬᠤᠶ᠂ ᠯᠢ ᠪᠢᠩ ᠷᠦᠩ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠊ ᠪᠠᠲᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶ ᠪᠣᠯᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ