ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ    ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/10/8
      9 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠪᠢᠳᠡᠨ ᠤ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠶ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢᠨ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠣᠨᠣᠪᠴᠢᠲᠠᠶ ᠤᠶᠢᠯᠠᠭᠠᠨ ᠡᠵᠡᠮᠰᠢᠵᠦ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠮᠠᠨ ᠤ ᠣᠷᠣᠨ ᠤ ᠴᠢᠳᠠᠪᠤᠷᠢᠲᠠᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠲᠠᠨᠢᠵᠤ᠂ ᠠᠰᠠᠭᠤᠳᠠᠯ ᠪᠣᠯᠤᠨ ᠵᠥᠷᠢᠶ᠎ᠡ ᠪᠠᠨ ᠰᠡᠷᠭᠡᠭ ᠢᠶᠠᠷ ᠣᠯᠵᠤ ᠬᠠᠷᠠᠨ᠂ ᠴᠢᠳᠠᠪᠤᠷᠢᠲᠠᠨ ᠤ ᠲᠤᠬᠠᠶ ᠴᠢᠩᠭ᠎ᠠ ᠦᠵᠡᠯ ᠤᠬᠠᠮᠰᠠᠷ ᠢ ᠪᠣᠶ ᠪᠣᠯᠭᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠱᠠᠲᠤ ᠦᠶ᠎ᠡ ᠶᠢᠨ ᠬᠠᠷᠠᠯᠲᠠ ᠶᠢᠨ ᠲᠣᠭᠤᠷᠢᠨ ᠳᠤ᠂ ᠮᠠᠨ ᠤ ᠣᠷᠣᠨ ᠤ ᠴᠢᠳᠠᠪᠤᠷᠢᠲᠠᠨ ᠤ ᠲᠥᠯᠥᠪᠵᠢᠭᠦᠯᠭᠡ ᠪᠣᠯᠤᠨ ᠴᠢᠳᠠᠪᠤᠷᠢᠲᠠᠨ ᠤ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠦᠨᠡᠨ ᠬᠦ ᠬᠡᠷᠡᠭᠵᠢᠭᠦᠯᠦᠭᠦᠰᠢᠲᠡᠶ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠲᠤᠯᠭᠠᠮ ᠰᠡᠳᠬᠢᠯᠭᠡ ᠪᠠᠷ ᠴᠢᠳᠠᠪᠤᠷᠢᠲᠠᠨ ᠤ ᠠᠵᠢᠯ ᠢ ᠰᠠᠶᠢᠲᠤᠷ ᠬᠢᠵᠦ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠴᠢᠳᠠᠪᠤᠷᠢᠲᠠᠨ ᠤ ᠬᠦᠴᠦᠲᠡᠶ ᠲᠤᠯᠭᠠᠭᠤᠷᠢᠯᠠᠯ ᠪᠣᠯᠤᠨ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ ᠬᠡᠵᠥ ᠵᠢᠭᠠᠵᠤ ᠭᠠᠷᠭᠠᠪᠠ᠃      ᠬᠤᠷᠠᠯ ᠠᠴᠠ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠲᠦᠷᠢᠮ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠣᠭᠲᠠᠴᠠ ᠶᠢᠨ ᠲᠠᠯ᠎ᠠ ᠪᠠᠷ ︽ᠡᠷᠬᠡ ᠶᠢ ᠲᠠᠯᠪᠢᠬᠤ︾᠂ ᠬᠤᠪᠢᠶᠠᠷᠢᠯᠠᠯᠲᠠ ᠶᠢᠨ ᠲᠣᠭᠲᠠᠴᠠ ᠶᠢᠨ ᠲᠠᠯ᠎ᠠ ᠪᠠᠷ ︽ᠠᠮᠢᠳᠤᠯᠢᠭ ᠪᠣᠯᠭᠠᠬᠤ︾᠂ ᠦᠨᠡᠯᠡᠯᠲᠡ ᠶᠢᠨ ᠲᠣᠭᠲᠠᠴᠠ ᠶᠢᠨ ᠲᠠᠯ᠎ᠠ ᠪᠠᠷ ︽ᠴᠢᠯᠥᠭᠡᠲᠡᠢ ᠪᠣᠯᠭᠠᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠠᠯᠤᠰ ᠬᠡᠳᠦ ᠶᠢᠨ ᠴᠢᠨᠠᠷ᠂ ᠣᠨᠣᠪᠴᠢᠲᠤ ᠴᠢᠨᠠᠷ᠂ ᠦᠷ᠎ᠡ ᠪᠦᠳᠦᠮᠵᠢᠳᠦ ᠴᠢᠨᠠᠷ ᠢ ᠨᠡᠩ ᠴᠢᠬᠤᠯᠠᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠣᠯᠤᠨ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠲᠥᠯᠥᠪᠯᠡᠭᠡ ᠶᠢ ᠰᠢᠯᠢᠳᠡᠭᠵᠢᠭᠦᠯᠦᠨ ᠨᠡᠶᠢᠳᠬᠡᠵᠦ᠂ ᠴᠢᠳᠠᠪᠤᠷᠢᠲᠠᠨ ᠢ ᠰᠡᠳᠬᠢᠯ ᠠᠮᠤᠷ ᠡᠷᠳᠡᠮ ᠰᠢᠨᠵᠢᠯᠡᠭᠡ ᠬᠢᠵᠦ᠂ ᠰᠤᠳᠤᠯᠭᠠᠨ ᠬᠢᠵᠦ᠂ ᠢᠯᠡᠭᠦᠬᠡᠨ ᠦᠷ᠎ᠡ ᠪᠦᠲᠦᠭᠡᠯ ᠭᠠᠷᠭᠠᠵᠤ᠂ ᠰᠠᠶᠢᠨ ᠦᠷ᠎ᠡ ᠪᠦᠲᠦᠭᠡᠯ ᠭᠠᠷᠭᠠᠯᠭᠠᠬᠤ ᠬᠡᠷᠡᠭᠲᠡᠢ᠃ ᠦᠷᠭᠦᠯᠵᠢᠯᠡᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠪᠣᠯᠤᠨ ᠭᠤᠣᠯᠳᠠᠯᠭ᠎ᠠ ᠲᠠᠢ ᠴᠢᠳᠠᠪᠤᠷᠢᠲᠠᠨ ᠤ ᠳᠦᠷᠦᠯ ᠵᠦᠢᠯ ᠢᠶᠠᠷ ᠭᠠᠷᠳᠠᠴᠠ ᠪᠣᠯᠭᠠᠵᠤ᠂ ︽ᠳᠦᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠴᠢᠳᠠᠪᠤᠷᠢᠲᠠᠨ ᠢ ᠥᠷᠭᠡᠨ ᠢᠶᠠᠷ ᠲᠥᠪᠯᠡᠷᠡᠭᠦᠯᠵᠦ᠂ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠠᠷ ᠬᠥᠮᠦᠵᠢᠭᠦᠯᠵᠦ᠂ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠬᠦ ᠬᠡᠷᠡᠭᠲᠡᠢ᠃ ᠡᠯ᠎ᠡ ᠵᠦᠢᠯ ᠤᠨ ᠴᠢᠬᠤᠯᠠ ᠶᠡᠭᠡ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠦᠢᠯᠡᠰ ᠪᠤᠰᠬᠠᠬᠤ ᠲᠠᠭᠠᠭᠤᠯᠤᠬᠴᠢ ᠴᠢᠳᠠᠪᠤᠷᠢᠲᠠᠨ᠂ ᠳᠡᠭᠡᠳᠦ ᠲᠡᠰ ᠤᠨ ᠮᠡᠷᠭᠡᠵᠢᠯ ᠤᠷ᠎ᠠ ᠮᠡᠷᠭᠡᠰᠢᠯ ᠤᠨ ᠴᠢᠳᠠᠪᠤᠷᠢᠲᠠᠨ ᠪᠣᠯᠤᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠬᠦᠮ ᠢ ᠲᠦᠷᠭᠡᠨ ᠪᠤᠶᠢᠵᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠳᠠᠪᠤᠷᠢᠲᠠᠨ ᠤᠷᠢᠵᠤ ᠤᠶᠤᠨ ᠤᠬᠠᠭᠠᠨ ᠣᠷᠣᠭᠤᠯᠤᠨ ᠠᠪᠴᠢᠷᠠᠬᠤ ᠲᠠᠢ ᠨᠢᠭᠲᠠ ᠤᠶᠠᠯᠳᠤᠭᠤᠯᠵᠤ᠂ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠵᠡᠷᠭᠡ ᠠᠴᠢᠶᠠᠯᠠᠪᠤᠷᠢ ᠶᠢ ᠰᠠᠶᠢᠲᠤᠷ ᠠᠰᠢᠠᠠᠯᠠᠵᠤ᠂ ᠴᠢᠳᠠᠪᠤᠷᠢᠲᠠᠨ ᠤ ᠬᠡᠯᠬᠢᠶ᠎ᠡ᠂ ᠮᠡᠷᠭᠡᠵᠢᠯ ᠤᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢ ᠵᠠᠪᠰᠠᠷ ᠦᠭᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠲᠠᠨᠢᠬᠤ ᠴᠢᠳᠠᠪᠤᠷᠢᠲᠠᠨ ᠢ ᠬᠠᠶᠢᠷᠠᠯᠠᠬᠤ ᠴᠢᠳᠠᠪᠤᠷᠢᠲᠠᠨ ᠢ ᠬᠦᠨᠳᠦᠳᠬᠡᠬᠦ ᠴᠢᠳᠠᠪᠤᠷᠢᠲᠠᠨ ᠢ ᠬᠡᠷᠡᠭᠯᠡᠬᠦ ᠣᠷᠴᠢᠨ ᠲᠣᠭᠤᠷᠢᠨ ᠢ ᠶᠡᠭᠡ ᠪᠠᠷ ᠪᠤᠢ ᠪᠣᠯᠭᠠᠵᠤ᠂ ᠢᠲᠡᠭᠡᠯ ᠢᠶᠠᠷ ᠰᠠᠭᠤᠷᠢ ᠪᠣᠯᠭᠠᠭᠰᠠᠨ ᠴᠢᠳᠠᠪᠤᠷᠢᠲᠠᠨ ᠢ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠳᠤ ᠠᠵᠢᠯ ᠬᠢᠵᠦ ᠦᠢᠯᠡᠰ ᠪᠤᠰᠬᠠᠬᠤ ᠲᠠᠪᠴᠠᠩ ᠢ ᠪᠠᠶᠢᠭᠤᠯᠵᠤ ᠥᠭᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠴᠢᠳᠠᠪᠤᠷᠢᠲᠠᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠴᠢᠳᠠᠪᠤᠷᠢᠲᠠᠨ ᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠤᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠢᠳᠠᠪᠤᠷᠢᠲᠠᠨ ᠤ ᠠᠵᠢᠯ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠡᠯ᠎ᠡ ᠲᠥᠷᠥᠯ ᠤᠨ ᠴᠢᠳᠠᠪᠤᠷᠢᠲᠠᠨ ᠤ ᠰᠡᠳᠬᠢᠯ ᠵᠢᠷᠦᠬᠡᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠰᠡᠳᠬᠢᠯ ᠵᠢᠷᠦᠬᠡᠨ ᠳᠡᠭᠡᠨ ᠡᠬᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠬᠤ ᠶᠢ ᠬᠥᠲᠥᠯᠥᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠪᠠᠶᠢᠳᠠᠯ ᠢ ᠭᠦᠨᠵᠡᠭᠡᠢ ᠲᠠᠨᠢᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠦᠨᠡᠨ ᠭᠦ ᠪᠣᠳᠠᠲᠠᠢ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠢᠯᠠᠩᠭᠤᠶ᠎ᠠ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠠᠠᠯᠠᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠭᠦᠨᠵᠡᠭᠡᠶ ᠨᠢᠮᠪᠠᠢ ᠬᠢᠵᠦ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠦ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠶᠢ ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠬᠤ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ᠂ ᠬᠢᠮᠢ ᠶᠢᠨ ᠠᠵᠤ ᠦᠢᠯᠡᠳᠪᠦᠷᠢ ᠪᠠ ᠠᠶᠤᠯ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠪᠠᠷᠢᠬᠤ ᠵᠡᠷᠭᠡ ᠬᠦᠷᠢᠶ᠎ᠡ ᠴᠠᠷᠠᠭ᠎ᠠ ᠶᠢ ᠪᠥᠬᠦ ᠲᠠᠯ᠎ᠠ ᠪᠠᠷ ᠪᠠᠶᠢᠴᠠᠭᠠᠵᠤ᠂ ᠠᠮᠤ ᠪᠤᠳᠠᠭ᠎ᠠ ᠨᠥᠭᠡᠴᠡᠯᠡᠬᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠠᠬᠤᠶ ᠵᠡᠷᠭᠡ ᠤᠯᠠᠮᠵᠢᠯᠠᠯᠲᠤ ᠪᠤᠰᠤ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠨᠠᠭᠰᠢᠲᠠ ᠴᠢᠩᠭᠠᠷᠠᠭᠤᠯᠵᠤ᠂ ᠴᠢᠬᠤᠯᠠ ᠶᠡᠭᠡ ᠠᠰᠠᠭᠤᠳᠠᠯ ᠤᠨ ᠬᠡᠮ ᠰᠣᠭᠤᠭ ᠢ ᠦᠨᠡᠨ ᠬᠦ ᠠᠷᠢᠯᠭᠠᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠳᠤ ᠬᠤᠣᠰ ᠬᠠᠷᠢᠭᠤᠴᠠᠯᠭ᠎ᠠ ᠲᠤᠭᠲᠠᠭᠠᠬᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ︽ᠭᠤᠷᠪᠠᠨ ᠡᠷᠬᠡᠪᠰᠢ︾ ᠶᠢ ᠬᠦᠢᠴᠡᠳᠭᠡᠬᠦ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠬᠤ᠂ ᠵᠠᠷᠯᠠᠬᠤ᠂ ᠰᠡᠷᠡᠮᠵᠢᠯᠡᠭᠦᠯᠬᠦ᠂ ᠪᠣᠯᠵᠣᠨ ᠶᠠᠷᠢᠯᠴᠠᠬᠤ᠂ ︽ᠨᠢᠭᠡ ᠬᠡᠷᠡᠭ ᠢ ᠲᠠᠪᠬᠤᠷ ᠪᠠᠶᠢᠴᠠᠭᠠᠬᠤ︾ ᠵᠡᠷᠭᠡ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠭᠠᠵᠠᠷ ᠣᠷᠣᠨ᠂ ᠲᠤᠪᠤᠶᠢᠮ᠎ᠠ ᠠᠰᠠᠭᠤᠳᠠᠯ ᠢ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠠᠮᠤᠭ ᠤᠨ ᠴᠢᠩᠭ᠎ᠠ ᠱᠠᠭᠠᠷᠳᠠᠯᠭ᠎ᠠ ᠬᠠᠮᠤᠭ ᠤᠨ ᠨᠠᠷᠢᠨ ᠨᠢᠭᠲᠠ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠪᠠᠶᠢᠭᠰᠠᠭᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠦᠮᠦᠨ ᠠᠮᠠ ᠶᠢᠨ ᠰᠢᠯᠵᠢᠯᠳᠡ ᠶᠡᠭᠡ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠨ ᠪᠤᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠃ ᠡᠯ᠎ᠡ ᠭᠠᠵᠠᠷ ᠤᠨ ᠬᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠬᠦᠷᠦᠯᠴᠡᠬᠦ ᠦᠭᠡᠢ ᠲᠠᠯ᠎ᠠ ᠶᠢ ᠳᠠᠬᠢᠨ ᠵᠢᠭᠰᠠᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠳᠠᠬᠢᠨ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠳᠠᠬᠢᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠠᠯᠮᠠᠶᠢᠷᠠᠠ ᠮᠢᠨᠴᠦᠭᠦᠷᠡᠵᠦ᠂ ᠡᠷᠴᠢ ᠰᠤᠯᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠤ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ︾ ᠠᠵᠢᠯ ᠢ ᠵᠢᠭᠠᠠ ᠵᠢᠯᠣᠭᠤᠳᠴᠤ᠂ ᠲᠣᠭᠲᠠᠭᠤᠨ ᠡᠵᠡᠮᠳᠡᠵᠦ ᠡᠮᠬᠢ ᠵᠢᠷᠤᠮ ᠲᠠᠢ᠂ ᠠᠰᠠᠭᠤᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠪᠠᠶᠢᠴᠠᠭᠠᠵᠤ ᠬᠠᠮᠲᠤ ᠬᠠᠮᠢᠶᠠᠷᠬᠤ ᠶᠢ ᠪᠠᠷᠢᠮᠲᠠᠯᠠᠵᠤ᠂ ᠬᠢᠵᠢᠭ ᠤᠨ ᠬᠡᠪᠴᠢᠶᠡᠵᠢᠯ ᠤᠨ ᠴᠢᠨᠠᠷ ᠲᠠᠢ ᠪᠠᠷ ᠬᠠᠯᠳᠠᠪᠤᠷᠢᠯᠠᠨ ᠣᠷᠣᠵᠤ ᠢᠷᠡᠬᠦ ᠪᠠ ᠲᠠᠬᠢᠨ ᠦᠷᠪᠢᠰᠦᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ