ᠮᠠᠨ ᠤ ᠣᠷᠣᠨ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢ ᠵᠠᠰᠠᠭ ᠤᠨ ᠶᠠᠪᠤᠳᠠᠯ ᠤᠨ ᠬᠦᠷᠢᠶᠡᠨ ᠳᠤ ᠬᠡᠷᠡᠭᠯᠡᠬᠦ ᠶᠢ ᠪᠡᠶᠡᠯᠡᠭᠦᠯᠦᠭᠰᠡᠨ ᠪᠥᠬᠦ ᠤᠯᠤᠰ ᠤᠨ 6 ᠳ᠋ᠤᠭᠠᠷ ᠮᠤᠵᠢ ᠣᠷᠣᠨ ᠪᠣᠯᠪᠠ
ᠨᠡᠶᠢᠲᠡᠯᠡᠭᠰᠡᠨ ᠴᠠᠭ᠄
2021/10/8
       ᠲᠦᠷᠦᠭᠦᠬᠡᠨ ᠳᠤ᠂ ᠬᠥᠬᠡᠬᠤᠲᠠ ᠶᠢᠨ ᠭᠤᠶᠤᠴᠢᠯᠠᠭᠴᠢ ᠰᠢᠨ ᠨᠠ ᠭᠠᠷ ᠤᠲᠠᠰᠤᠨ ᠤ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ᠂ ᠬᠥᠮᠥᠨ ᠤ ᠬᠦᠴᠦᠨ ᠣᠷᠣᠯᠴᠠᠭᠰᠠᠨ ᠦᠭᠡᠢ ᠣᠶᠤᠨᠴᠢ ᠪᠠᠷ ᠬᠢᠨᠠᠨ ᠬᠠᠷᠭᠤᠭᠤᠯᠬᠤ᠂ ᠡᠵᠡᠩᠨᠡᠯᠲᠡ ᠶᠢᠨ ᠦᠨᠡᠮᠯᠡᠯ ᠢ ᠥᠪᠡᠰᠦᠪᠡᠨ ᠠᠪᠬᠤ ᠵᠡᠷᠭᠡ 3 ᠭᠤᠭᠴᠤᠭ᠎ᠠ ᠪᠠᠷ ᠳᠡᠮᠵᠢᠨ᠂ ᠵᠥᠪᠬᠡᠨ 32 ᠮᠢᠨᠦ᠋ᠲ ᠲᠤ ᠪᠦᠬᠦ ᠬᠢᠨᠠᠨ ᠵᠥᠪᠰᠢᠶᠡᠷᠡᠬᠦ ᠶᠠᠪᠤᠴᠠ ᠶᠢ ᠳᠠᠭᠤᠰᠬᠠᠵᠤ᠂ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠲᠢᠩᠬᠢᠮ ᠳᠤ ᠥᠪᠡᠰᠦᠪᠡᠨ ᠦᠢᠯᠡᠴᠢᠯᠡᠬᠦ ᠲᠥᠬᠦᠭᠡᠷᠦᠮᠵᠢ ᠪᠠᠷ ᠳᠡᠮᠵᠢᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠰᠢᠶᠠᠩ ᠶᠠ ᠠᠷᠠᠯᠵᠢᠶᠠᠨ ᠤ ᠡᠵᠡᠩᠨᠡᠨ ᠪᠣᠷᠣᠯᠠᠭᠤᠯᠬᠤ ᠭᠠᠵᠠᠷ ᠤᠨ ᠡᠵᠡᠩᠨᠡᠯᠲᠡ ᠶᠢᠨ ᠦᠨᠡᠮᠯᠡᠯ ᠢᠶᠠᠨ ᠤᠷᠤᠭᠰᠢᠲᠠᠶ ᠠᠪᠤᠭᠰᠠᠨ ᠪᠥᠭᠡᠳ ᠲᠠᠮᠠᠭ᠎ᠠ ᠶᠢ ᠰᠦᠢᠳᠬᠡᠯ ᠬᠤᠷᠢᠶᠠᠬᠤ ᠥᠬᠡᠶ ᠪᠠᠷ ᠠᠪᠬᠤ᠂ ᠭᠠᠶᠢᠯᠢ ᠶᠢᠨ ᠶᠠᠪᠤᠳᠠᠯ ᠤᠨ ᠮᠡᠳᠡᠭᠡ ᠵᠠᠩᠭᠢ ᠪᠦᠷᠢᠳᠬᠡᠭᠦᠯᠬᠦ᠂ ᠨᠡᠶᠢᠭᠡᠮ ᠤᠨ ᠳᠠᠭᠠᠳᠬᠠᠯ ᠳᠤ ᠪᠦᠷᠢᠳᠬᠡᠭᠦᠯᠬᠦ᠂ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠶᠢ ᠵᠡᠷᠭᠡ ᠳᠤ ᠨᠢ ᠭᠦᠢᠴᠡᠳᠬᠡᠵᠦ᠂ ᠨᠢᠭᠡ ᠯᠡ ᠤᠳᠠᠭ᠎ᠠ ᠪᠠᠷ᠂ ᠵᠠᠷᠤᠳᠠᠯ ᠦᠭᠡᠢ ᠪᠠᠷ ᠪᠦᠬᠦᠨ ᠢ ᠪᠡᠶᠡᠯᠡᠭᠦᠯᠵᠦ᠂ ︽ᠨᠢᠭᠡ ᠠᠵᠢᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠵᠢᠩᠬᠢᠨᠢ ᠪᠠᠷ ᠪᠡᠶᠡᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠨ ᠳᠠᠩᠰᠠᠯᠠᠬᠤ ᠲᠣᠪᠴᠢᠶ᠎ᠠ ᠶᠢᠨ ᠠᠵᠢᠯᠲᠠᠨ ᠲᠢᠶᠠᠨ ᠰᠢᠩ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠣᠷᠣᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠠᠪᠤᠴᠠ ᠳᠠᠬᠢ ᠠᠵᠤ ᠠᠬᠤᠶᠢᠯᠠᠯ ᠢ ᠨᠡᠭᠡᠭᠡᠨ ᠡᠷᠭᠢᠯᠡᠬᠦ ᠡᠨᠡ ᠬᠦ ᠭᠤᠣᠯᠳᠠᠯᠭ᠎ᠠ ᠶᠢ ᠴᠢᠩᠭ᠎ᠠ ᠣᠨᠢᠯᠠᠵᠤ᠂ ᠮᠠᠨ ᠤ ᠣᠷᠣᠨ ᠤ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠳᠤᠮᠳᠠᠴᠢ ᠪᠠᠷ 5 ᠭᠥᠯᠢᠶᠡᠨ ᠠᠪᠴᠤ ᠰᠢᠢᠳᠪᠦᠷᠢᠯᠡᠬᠦ ᠭᠤᠭᠴᠤᠭ᠎ᠠ ᠬᠡᠷᠡᠭᠰᠡᠵᠦ᠂ ᠲᠣᠰ ᠲᠣᠰ 6 ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠲᠤᠰᠢᠶᠠᠵᠤ᠂ ᠳᠤᠮᠳᠠᠴᠢ ᠪᠠᠷ 6 ᠡᠳᠦᠷ ᠵᠠᠷᠤᠴᠠᠭᠤᠯᠵᠤ᠂ ᠨᠡᠭᠡᠭᠡᠨ ᠡᠷᠭᠢᠯᠡᠬᠦ ᠵᠠᠷᠤᠳᠠᠯ ᠨᠢ ᠳᠤᠮᠳᠠᠴᠢ ᠪᠠᠷ 380 ᠲᠥᠭᠦᠷᠢᠭ ᠪᠠᠶᠢᠭᠰᠠᠨ ᠪᠠᠶᠢᠳᠠᠯ ᠳᠤ ᠴᠢᠭᠯᠡᠭᠦᠯᠦᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠵᠤ᠂ ᠲᠠᠰᠤᠷᠠᠯᠲᠠ ᠥᠬᠡᠶ ᠰᠢᠨ᠎ᠡ ᠠᠷᠭ᠎ᠠ ᠪᠣᠳᠣᠯᠭ᠎ᠠ ᠨᠡᠶᠢᠲᠡᠯᠡᠵᠦ᠂ ᠨᠡᠭᠡᠭᠡᠨ ᠡᠷᠭᠢᠯᠡᠬᠦ ᠭᠤᠭᠴᠤᠭ᠎ᠠ᠂ ᠴᠤᠪᠤᠷᠠᠯ᠂ ᠴᠠᠭ᠂ ᠥᠷᠲᠡᠭ ᠤᠨ ᠲᠠᠯ᠎ᠠ ᠪᠠᠷ ︽ᠨᠢᠭᠡ ᠭᠤᠭᠴᠤᠭ᠎ᠠ᠂ ᠨᠢᠭᠡ ᠰᠦᠯᠵᠢᠶ᠎ᠡ ᠪᠠᠷ ᠭᠦᠢᠴᠡᠳᠬᠡᠬᠦ᠂ ᠨᠢᠭᠡ ᠡᠳᠦᠷ ᠲᠤ ᠳ᠋ᠦᠩᠨᠡᠨ ᠪᠤᠳᠤᠬᠤ᠂ ᠵᠠᠷᠤᠳᠠᠯ ᠬᠡᠷᠡᠭᠰᠡᠬᠦ ᠥᠬᠡᠶ︾ ᠪᠠᠶᠢᠬᠤ ᠬᠠᠮᠤᠭ ᠤᠨ ᠰᠢᠯᠢᠳᠡᠭ ᠪᠠᠶᠢᠳᠠᠯ ᠳᠤ ᠬᠦᠷᠦᠭᠦᠯᠬᠦ ᠪᠠᠷ ᠴᠢᠷᠮᠠᠶᠢᠵᠤ ᠪᠠᠶᠢᠨ᠎ᠠ ᠭᠡᠵᠡᠢ᠃      6 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ ︽ᠠᠵᠤ ᠠᠬᠤᠶᠢᠯᠠᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠪᠠᠩᠬᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶ᠎ᠠ ᠪᠠᠷ ᠪᠠᠷᠢᠮᠵᠢᠶᠠᠯᠠᠬᠤ᠂ ᠨᠡᠭᠡᠭᠡᠨ ᠡᠷᠬᠢᠯᠡᠬᠦ ᠶᠢ ᠨᠢᠭᠡ ᠡᠳᠦᠷ ᠲᠤ ᠪᠡᠶᠡᠯᠡᠭᠦᠯᠬᠦ ᠶᠡᠷᠦᠩᠬᠡᠶ ᠬᠠᠷᠠᠯᠲᠠ ᠶᠢᠨ ᠶᠣᠰᠣᠭᠠᠷ᠂ ᠠᠵᠤ ᠠᠬᠤᠶᠢᠯᠠᠯ ᠳᠤ ᠡᠯᠧᠺᠲᠷᠣᠨ ᠲᠠᠮᠠᠭ᠎ᠠ ᠪᠠᠶᠢᠬᠤ ᠥᠬᠡᠶ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠵᠡᠷᠭᠡ ᠪᠠᠷ ᠣᠯᠭᠤᠬᠤ ᠰᠢᠰᠲ᠋ᠧᠮ ᠢ ᠪᠠᠶᠢᠭᠤᠯᠵᠤ ᠳᠠᠭᠤᠰᠬᠠᠭᠠᠳ᠂ ᠪᠣᠶ ᠪᠥᠬᠦᠶ ᠠᠵᠤ ᠠᠬᠤᠶᠢᠯᠠᠯ ᠳᠤ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢ ᠠᠩᠬ᠎ᠠ ᠤᠳᠠᠭ᠎ᠠ ᠰᠦᠢᠳᠬᠡᠯ ᠬᠤᠷᠢᠶᠠᠬᠤ ᠥᠬᠡᠶ ᠪᠠᠷ ᠣᠯᠭᠤᠪᠠ︔ ᠭᠠᠶᠢᠯᠢ ᠶᠢᠨ ᠶᠠᠪᠤᠳᠠᠯ ᠤᠨ ᠪᠠᠷᠢᠮᠲᠠ ᠶᠢ ᠠᠪᠬᠤ ᠳᠤ ᠬᠤᠶᠠᠳᠠᠬᠢ ᠤᠳᠠᠭ᠎ᠠ ᠨᠡᠪᠲᠡᠷᠡᠨ ᠣᠷᠣᠭᠤᠯᠬᠤ ᠪᠠ ᠪᠡᠶ᠎ᠡ ᠶᠢᠨ ᠭᠠᠷᠤᠯ ᠢ ᠢᠯᠭᠠᠨ ᠲᠠᠨᠢᠬᠤ ᠴᠢᠬᠤᠯᠠᠲᠠᠶ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠳᠤ ︽ᠨᠢᠭᠡ ᠰᠦᠯᠵᠢᠶ᠎ᠡ ᠪᠠᠷ ᠨᠡᠪᠲᠡᠷᠡᠬᠦ︾ ᠲᠠᠪᠴᠠᠩ ᠨᠡᠭᠡᠭᠡᠵᠦ᠂ ᠠᠮᠢᠳᠤ ᠪᠡᠶ᠎ᠡ ᠶᠢ ᠰᠢᠯᠭᠠᠬᠤ᠂ ᠬᠥᠮᠦᠨ ᠤ ᠵᠢᠰᠦ ᠶᠢ ᠣᠶᠤᠨᠴᠢ ᠪᠠᠷ ᠲᠠᠨᠢᠵᠤ ᠠᠳᠠᠯᠢᠳᠬᠠᠬᠤ ᠴᠢᠳᠠᠮᠵᠢ ᠶᠢ ᠨᠡᠮᠡᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠤᠶᠠᠳᠠᠬᠢ ᠤᠳᠠᠭ᠎ᠠ ᠴᠤᠭᠯᠠᠭᠤᠯᠤᠭᠰᠠᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠭᠤᠭᠴᠤᠭ᠎ᠠ ᠳᠤ ᠰᠢᠯᠵᠢᠭᠦᠯᠵᠦ ᠨᠡᠶᠢᠯᠡᠭᠦᠯᠦᠨ ᠭᠦᠢᠴᠡᠳᠬᠡᠬᠦ ᠪᠣᠯᠭᠠᠪᠠ︔ ᠠᠵᠤ ᠠᠬᠤᠶᠢᠯᠠᠯ ᠤᠨ ︽ᠨᠢᠭᠡ ᠰᠦᠯᠵᠢᠶ᠎ᠡ ᠪᠠᠷ ᠨᠡᠪᠲᠡᠷᠡᠬᠦ︾ ᠲᠠᠪᠴᠠᠩ ᠢ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠣᠷᠣᠭᠤᠯᠤᠨ ᠬᠡᠷᠡᠭᠯᠡᠭᠰᠡᠨ ᠥᠬᠡᠶ ᠠᠰᠠᠭᠤᠳᠠᠯ ᠳᠤ ᠴᠢᠭᠯᠡᠭᠦᠯᠦᠨ᠂ 6 ᠳ᠋ᠤᠭᠠᠷ ᠰᠠᠷ᠎ᠠ ᠶᠢᠨ ᠳᠤᠮᠳᠠᠴᠢ ᠪᠠᠷ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠲᠠᠰ ᠳᠡᠪᠰᠢᠭᠦᠯᠦᠨ ᠥᠭᠡᠷᠡᠴᠢᠯᠡᠵᠦ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠪᠠ ᠠᠵᠤ ᠠᠬᠤᠶᠢᠯᠠᠯ ᠤᠨ ᠳᠡᠩᠰᠡᠯᠡᠯᠲᠡ ᠶᠢ ᠨᠡᠶᠢᠯᠡᠭᠦᠯᠦᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠪᠡ︔ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠬᠤ ᠳᠡᠩᠰᠡᠯᠡᠯᠲᠡ ᠳᠤ ᠪᠥᠬᠦ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠬᠦᠯᠢᠶᠡᠨ ᠠᠪᠬᠤ ᠰᠢᠰᠲ᠋ᠧᠮ ᠥᠬᠡᠶ ᠪᠠᠶᠢᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠳᠡᠩᠰᠡᠯᠡᠯᠲᠡ ᠬᠢᠭᠡᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠰᠢᠰᠲ᠋ᠧᠮ ᠢ ᠪᠠᠶᠢᠭᠤᠯᠵᠤ᠂ ᠪᠥᠬᠦ ᠣᠷᠣᠨ ᠳᠤ ᠨᠢᠭᠡᠳᠦᠯᠲᠡᠶ ᠳᠠᠮᠵᠢᠭᠤᠯᠬᠤ᠂ ᠬᠥᠮᠦᠨ ᠤ ᠬᠦᠴᠦ ᠪᠠᠷ ᠣᠷᠣᠭᠤᠯᠬᠤ ᠶᠢ ᠦᠭᠡᠶᠢᠰᠬᠡᠬᠦ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠬᠤᠷᠳᠤᠴᠠ ᠶᠢ ᠳᠡᠭᠡᠭᠰᠢᠯᠡᠭᠦᠯᠪᠡ︔ ᠪᠠᠩᠬᠢ ᠶᠢᠨ ᠤᠷᠢᠳᠴᠢᠯᠠᠨ ᠪᠣᠯᠵᠣᠵᠤ ᠲᠠᠩᠰᠠ ᠪᠠᠶᠢᠭᠤᠯᠬᠤ ᠶᠢ ᠠᠵᠤ ᠠᠬᠤᠶᠢᠯᠠᠯ ᠨᠡᠭᠡᠭᠡᠨ ᠡᠷᠭᠢᠯᠡᠬᠦ ᠶᠠᠪᠤᠴᠠ ᠳᠤ ᠣᠷᠣᠭᠤᠯᠤᠭᠰᠠᠨ ᠥᠬᠡᠶ ᠠᠰᠠᠭᠤᠳᠠᠯ ᠳᠤ ᠴᠢᠭᠯᠡᠭᠦᠯᠦᠨ᠂ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ ᠶᠡᠭᠡ ᠪᠠᠷ ᠠᠬᠢᠭᠤᠯᠵᠤ᠂ ᠬᠡᠰᠡᠭ ᠭᠠᠵᠠᠷ ᠣᠷᠣᠨ ᠳᠤ ᠳᠠᠩᠰᠠᠯᠠᠭᠤᠯᠬᠤ ᠶᠢ ᠰᠦᠢᠳᠬᠡᠯ ᠬᠤᠷᠢᠶᠠᠬᠤ ᠥᠬᠡᠶ ᠪᠠᠷ ᠣᠷᠣᠯᠠᠨ ᠭᠦᠢᠴᠡᠳᠬᠡᠵᠦ᠂ ᠲᠠᠩᠰᠠ ᠪᠠᠶᠢᠭᠤᠯᠪᠠᠯ ᠲᠠᠮᠠᠭ᠎ᠠ ᠬᠦᠷᠭᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠥᠪᠡᠷ ᠤᠨ ᠥᠷᠲᠡᠭ ᠢ ᠪᠠᠭᠤᠷᠠᠭᠤᠯᠪᠠ︔ ᠪᠣᠳᠠᠲᠠᠢ ᠲᠠᠮᠠᠭ᠎ᠠ ᠰᠡᠶᠢᠯᠦᠨ ᠦᠢᠯᠡᠳᠬᠦ ᠥᠷᠲᠡᠭ ᠨᠡᠯᠢᠶᠡᠳ ᠥᠨᠳᠥᠷ ᠪᠠᠶᠢᠬᠤ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠰᠢᠰᠲ᠋ᠧᠮ ᠳᠤ ᠲᠦᠰᠢᠭᠯᠡᠨ᠂ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢᠨ ᠲᠠᠪᠴᠠᠩ ᠢ ᠪᠠᠶᠢᠭᠤᠯᠤᠭᠰᠠᠨ ᠪᠠ ᠨᠡᠭᠡᠭᠡᠨ ᠬᠥᠭᠵᠢᠭᠦᠯᠵᠦ᠂ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠡᠯᠧᠺᠲᠷᠣᠨ ᠢᠶᠠᠷ ᠨᠢᠭᠤᠴᠠᠯᠠᠬᠤ᠂ ᠳ᠋ᠠᠶᠢᠲ᠋ᠠ ᠰᠢᠯᠵᠢᠭᠦᠯᠬᠦ ᠵᠡᠷᠭᠡ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠠᠳᠠᠯᠢ ᠳᠦᠷᠢᠮ ᠲᠠᠢ᠂ ᠠᠳᠠᠯᠢ ᠵᠠᠭᠪᠤᠷ ᠲᠠᠢ᠂ ᠠᠳᠠᠯᠢ ᠢᠷᠡᠯᠲᠡ ᠲᠠᠢ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠪᠣᠯᠤᠨ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠲᠥᠪᠯᠡᠷᠡᠭᠦᠯᠦᠨ ᠬᠠᠮᠢᠶᠠᠷᠴᠤ᠂ ᠵᠡᠷᠭᠡ ᠪᠠᠷ ᠲᠠᠷᠬᠠᠭᠠᠵᠤ᠂ ᠲᠥᠪᠯᠡᠷᠡᠭᠦᠯᠦᠨ ᠬᠡᠷᠡᠭᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢ ᠵᠠᠰᠠᠭ ᠤᠨ ᠶᠠᠪᠤᠳᠠᠯ ᠤᠨ ᠬᠦᠷᠢᠶᠡᠨ ᠳᠤ ᠬᠡᠷᠡᠭᠯᠡᠬᠦ ᠶᠢ ᠪᠡᠶᠡᠯᠡᠭᠦᠯᠦᠭᠰᠡᠨ ᠪᠦᠬᠦ ᠤᠯᠤᠰ ᠤᠨ 6 ᠳ᠋ᠤᠭᠠᠷ ᠮᠤᠵᠢ ᠣᠷᠣᠨ ᠪᠣᠯᠵᠣ᠂ ᠨᠤᠲᠠᠯᠠᠬᠤ ᠴᠤᠪᠤᠷᠠᠯ ᠢ ᠤᠯᠠᠮ ᠳᠥᠭᠦᠮᠴᠢᠯᠡᠵᠦ᠂ ᠴᠠᠭᠠᠰᠤᠨ ᠤ ᠡᠷᠭᠢᠯᠲᠡ ᠶᠢ ᠪᠠᠭᠠᠰᠬᠠᠨ᠂ ᠲᠠᠮᠠᠭ᠎ᠠ ᠰᠡᠶᠢᠯᠬᠦ ᠥᠷᠲᠡᠭ ᠢ ᠪᠠᠭᠠᠰᠬᠠᠵᠤ᠂ ᠬᠤᠳᠠᠯ ᠬᠠᠭᠤᠷᠮᠠᠭ ᠮᠠᠲ᠋ᠧᠷᠢᠶᠠᠯ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠪᠡ᠃      ᠣᠳᠣ ᠪᠣᠯᠲᠠᠯ᠎ᠠ᠂ ᠮᠠᠨ ᠤ ᠣᠷᠣᠨ ᠤ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠶᠢᠯᠠᠯ ᠤᠨ ︽ᠨᠢᠭᠡ ᠰᠦᠯᠵᠢᠶ᠎ᠡ ᠪᠠᠷ ᠨᠡᠪᠲᠡᠷᠡᠬᠦ︾ ᠲᠠᠪᠴᠠᠩ ᠨᠡᠭᠡᠭᠡᠬᠦ ᠪᠠᠷ ᠳᠠᠮᠵᠢᠨ ᠨᠢᠭᠡᠨᠲᠡ 66.8 ᠲᠦᠮᠡᠨ ᠬᠥᠮᠦᠨ ᠤᠳᠠᠭ᠎ᠠ᠂ 43.5 ᠲᠦᠮᠡᠨ ᠶᠠᠪᠤᠳᠠᠯ ᠢ ᠨᠢᠭᠡ ᠤᠳᠠᠭ᠎ᠠ ᠳᠤ ᠬᠤᠯᠪᠣᠭᠠᠯᠠᠨ ᠭᠦᠢᠴᠡᠳᠬᠡᠬᠦ ᠶᠢ ᠪᠡᠶᠡᠯᠡᠭᠦᠯᠵᠦ᠂ 32.7 ᠲᠦᠮᠡᠨ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠨᠢᠭᠡᠨᠲᠡ 112.6 ᠲᠦᠮᠡᠨ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢ ᠪᠦᠷᠢᠯᠳᠦᠭᠦᠯᠵᠦ᠂ 1.4 ᠲᠦᠮᠡᠨ ᠠᠵᠤ ᠠᠬᠤᠶᠢᠯᠠᠯ ᠳᠤ ᠲᠠᠷᠬᠠᠭᠠᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠲᠦᠢᠯ ᠤᠨ ᠶᠡᠭᠡ ᠲᠥᠬᠦᠮ ᠦᠵᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠲᠦᠷᠭᠡᠨ ᠣᠷᠣᠵᠤ᠂ ᠲᠣᠬᠢᠶᠠᠯ ᠢ ᠵᠠᠪᠳᠤᠨ ᠠᠰᠢᠭᠯᠠᠬᠤ ᠳᠤ ᠨᠠᠨᠳᠢᠨ ᠴᠠᠭ ᠣᠯᠭᠤᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ