ᠬᠥᠬᠡᠬᠤᠲᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 72 ᠵᠢᠯ ᠤᠨ ᠤᠢ ᠶᠢ ᠪᠡᠯᠭᠡᠯᠡᠪᠡ    ᠪᠦᠦ ᠭᠠᠩ ᠣᠷᠣᠯᠴᠠᠵᠠᠢ
ᠨᠡᠶᠢᠲᠡᠯᠡᠭᠰᠡᠨ ᠴᠠᠭ᠄
2021/10/8
      10 ᠰᠠᠷ᠎ᠠ ᠶᠢᠨ 1 ᠤ ᠡᠳᠦᠷ᠂ ᠬᠥᠬᠡᠬᠤᠲᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 72 ᠵᠢᠯ ᠤᠨ ᠣᠢ ᠶᠢ ᠪᠡᠯᠭᠡᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠤ ᠭᠠᠩ ᠣᠷᠣᠯᠴᠠᠪᠠ᠃     ᠦᠳᠡ ᠶᠢᠨ ᠡᠮᠦᠨᠡᠬᠢ 8 ᠴᠠᠭ 30 ᠮᠢᠨᠦ᠋ᠲ  ᠲᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠤᠷᠴᠠ ᠰᠤᠷᠭᠤᠬ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 72 ᠵᠢᠯ ᠤᠨ ᠲᠤᠷᠰᠢ᠂ ᠬᠥᠬᠡᠬᠤᠲᠠ ᠢᠮᠠᠭᠲᠠ ᠡᠬᠡ ᠤᠯᠤᠰ ᠲᠠᠢ ᠪᠠᠨ ᠬᠠᠮᠲᠤ ᠤᠷᠤᠭᠰᠢᠯᠠᠵᠤ᠂ ᠴᠠᠭ ᠦᠶ᠎ᠡ ᠲᠠᠢ ᠵᠡᠷᠬᠡ  ᠪᠠᠷ ᠤᠷᠤᠭᠰᠢᠯᠠᠭᠰᠠᠭᠠᠷ ᠢᠷᠡᠪᠡ᠃ ᠰᠠᠶ᠋ᠢᠬᠠᠨ ᠬᠤᠷᠠᠯᠳᠤᠨ ᠲᠡᠭᠦᠰᠦᠭᠰᠡᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ᠂ ᠲᠡᠦᠬᠡ ᠪᠠ ᠪᠦᠬᠦ ᠲᠠᠯ᠎ᠠ ᠶᠢᠨ ᠦᠨᠳᠦᠷᠴᠡ ᠳᠤ ᠵᠣᠭᠰᠣᠵᠤ᠂ ᠬᠥᠬᠡᠬᠤᠲᠠ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︽ᠶᠡᠷᠦᠩᠬᠡᠶ ᠬᠠᠷᠠᠯᠲᠠ︾ ᠶᠢ ᠲᠣᠭᠲᠠᠭᠠᠵᠥ᠂ ᠪᠦᠬᠦ ᠣᠷᠣᠨ ᠳᠤ ︽ᠡᠮᠦᠨ᠎ᠡ ᠡᠩᠨᠡᠭᠡ ᠳᠤ ᠤᠷᠤᠬᠰᠢᠯᠠᠨ᠂ ᠦᠯᠢᠭᠡᠷ ᠳᠠᠭᠤᠷᠢᠶᠠᠯ ᠪᠣᠯᠬᠤ︾ ᠶᠢᠨ ︽ᠶᠡᠷᠦᠩᠬᠡᠶ ᠱᠠᠭᠠᠷᠳᠠᠯᠭ᠎ᠠ︾᠂ ︽ᠭᠤᠷᠪᠠᠨ ᠬᠤᠲᠠ︾ ᠶᠢ ᠴᠢᠷᠮᠠᠶᠢᠨ ᠡᠭᠦᠳᠬᠦ᠂ ︽ᠳᠥᠷᠪᠡᠨ ᠣᠷᠤᠨ ᠪᠦᠰᠡ ᠶᠢᠨ ᠲᠥᠪ︾ ᠢ ᠴᠣᠭᠴᠠᠯᠠᠬᠤ᠂ ︽ᠳᠥᠷᠪᠡᠨ ᠶᠡᠭᠡ ᠠᠵᠤ ᠠᠬᠤᠶ ᠶᠢᠨ ᠬᠦᠷᠢᠶ᠎ᠡ︾  ᠳᠤ ᠠᠭᠤᠰᠤᠯᠴᠠᠬᠤ ᠶᠢ ᠠᠬᠢᠭᠤᠯᠬᠤ᠂ ︽ᠲᠠᠪᠤ ᠳᠤ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠬᠤ ᠵᠡᠷᠭᠡ ᠠᠯᠢ ᠣᠯᠠᠨ ᠴᠢᠬᠤᠯᠠ ᠶᠡᠭᠡ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠬᠢᠵᠥ᠂ ᠣᠷᠣᠨ ᠤ ᠲᠥᠪ ᠤᠨ ᠪᠦᠬᠦ ᠣᠷᠣᠨ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠪᠦᠬᠦ ᠤᠯᠤᠰ ᠲᠤ ᠲᠡᠷᠢᠭᠦᠨ ᠤ ᠪᠣᠯᠬᠤ ᠪᠠᠷ ᠴᠢᠷᠮᠠᠶᠢᠬᠤ ᠠᠤᠭ᠎ᠠ ᠵᠢᠷᠤᠭ ᠲᠥᠰᠦᠪ ᠢ ᠵᠢᠷᠤᠬᠯᠠᠵᠥ᠂ ᠴᠢᠨᠠᠷ ᠰᠠᠶᠢᠲᠠᠶ ᠬᠥᠭᠵᠢᠯᠲᠡ᠂ ᠥᠨᠳᠥᠷ ᠲᠦᠪᠰᠢᠨ ᠪᠦᠬᠦᠢ ᠪᠦᠲᠦᠭᠡᠨ ᠪᠠᠶᠢᠭᠤᠯᠤᠯᠲᠠ᠂ ᠴᠢᠨᠠᠷ ᠰᠠᠶᠢᠲᠠᠶ ᠠᠮᠢᠳᠤᠷᠠᠯ ᠤᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠵᠢᠷᠤᠭᠯᠠᠪᠠ ᠃      ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭᠠ ᠪᠣᠯᠤᠨ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠬᠤ︾ ᠮᠣᠩᠭᠤᠯ ᠮᠤᠷᠢᠨ ᠤ ᠵᠣᠷᠢᠭ ᠰᠠᠨᠠᠭᠠ ᠶᠢ ᠶᠡᠭᠡ  ᠪᠠᠷ ᠪᠠᠳᠠᠷᠠᠭᠤᠯᠵᠤ᠂ ᠤᠬ ᠰᠠᠨᠠᠭᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠬᠦᠯᠬᠦ  ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠪᠦᠬᠦ ᠬᠦᠴᠦᠨ ᠢᠶᠠᠷ ᠢᠶᠠᠨ ᠰᠠᠶᠢᠲᠤᠷ ᠵᠠᠮᠨᠠᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠲᠥᠪ ᠬᠤᠳᠠ︾ ᠭᠡᠬᠦ ᠡᠨᠡ ᠬᠦ ᠦᠵᠡᠮᠵᠢ ᠶᠢᠨ ᠣᠷᠤᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ