ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/10/8

      2021 ᠣᠨ ᠤ 10 ᠳ᠋ᠤᠭᠠᠷ ᠰᠠᠷ᠎ᠠ ᠶᠢᠨ 7 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 8 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃
     2021 ᠣᠨ ᠤ 10 ᠳ᠋ᠤᠭᠠᠷ ᠰᠠᠷ᠎ᠠ ᠶᠢᠨ 8 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠳᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ