ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠪᠥᠬᠦ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2021/10/9

      10 ᠰᠠᠷ᠎ᠠ ᠶᠢᠨ 8 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠬᠥᠬᠡᠬᠤᠲᠠ ᠳᠤ ᠪᠦᠬᠦ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢᠨ ᠵᠥᠩ ᠴᠢᠨ ᠠᠵᠢᠯᠯᠠᠭ᠎ᠠ ᠳᠤ ᠣᠷᠣᠯᠴᠠᠭᠰᠠᠨ ᠪᠥᠭᠡᠳ ᠭᠠᠷ ᠤᠨ ᠥᠰᠥᠭ ᠵᠢᠷᠤᠬᠤ ᠶᠢ ᠭᠡᠷᠡᠴᠢᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠦᠪᠯᠡᠯᠴᠡᠬᠡᠷ ᠲᠤᠬᠢᠷᠠᠯᠴᠠᠵᠤ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃


1009自治区政府与上海交通大学签署全面合作协议-王莉霞见证签约.jpg


      ᠵᠦᠪᠯᠡᠯᠴᠡᠬᠡᠷ ᠲᠤᠬᠢᠷᠠᠯᠴᠠᠵᠤ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠪᠥᠬᠦ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠪᠣᠯᠤᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠵᠢᠯᠣᠭᠤᠳᠬᠤ ᠵᠥᠪᠯᠡᠯ ᠢ ᠪᠠᠶᠢᠭᠤᠯᠬᠤ ᠲᠤᠬᠠᠶ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠲᠠ ᠶᠢᠨ ᠵᠠᠰᠠᠭ ᠤᠨ ᠣᠷᠳᠣᠨ᠂ ᠠᠵᠤ ᠠᠬᠤᠶᠢᠯᠠᠯ ᠲᠣᠰ ᠲᠣᠰ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃


1009自治区政府与上海交通大学签署全面合作协议-王莉霞见证签约2.jpg


      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠵᠤ᠂ 2010 ᠣᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ ᠶᠢ ᠪᠠᠷᠢᠮᠳᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠳᠥᠷᠪᠡ ᠳᠤ ᠬᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ᠂ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ᠂ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ᠂ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠵᠡᠷᠭᠡ ᠣᠯᠠᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳ ᠬᠤᠵᠢᠳ ᠭᠤᠷᠪᠠ ᠤᠳᠠᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ ᠰᠤᠷᠭᠠᠭᠤᠯᠢ ᠣᠷᠣᠨ ᠨᠤᠳᠤᠭ ᠬᠠᠮᠲᠤᠷᠠᠨ ᠬᠥᠳᠡᠯᠦᠯᠴᠡᠬᠦ᠂ ᠬᠠᠮᠵᠢᠯᠴᠠᠨ ᠰᠢᠨ᠎ᠡ ᠶᠢ ᠡᠭᠦᠳᠬᠦ ᠭᠦᠨᠵᠡᠭᠡᠶ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠬᠠᠮᠲᠤ ᠪᠠᠷ ᠪᠠᠶᠢᠭᠤᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ 300 ᠭᠠᠷᠤᠶ ᠠᠵᠤ ᠠᠬᠤᠶᠢᠯᠠᠯ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠪᠠᠷ ᠮᠡᠷᠭᠡᠵᠢᠯ ᠤᠨ ᠰᠣᠯᠢᠯᠴᠠᠭ᠎ᠠ᠂ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠦᠯᠡᠮᠵᠢ ᠶᠡᠭᠡ ᠦᠷ᠎ᠡ ᠪᠦᠲᠦᠭᠡᠯ ᠤᠯᠪᠠ᠃ ᠬᠡᠲᠦ ᠴᠡᠪᠡᠷ ᠬᠥᠩᠭᠡᠨᠴᠠᠭᠠᠨ ᠵᠢᠴᠢ ᠢᠰᠦᠯᠳᠦᠭᠰᠡᠨ ᠴᠡᠪᠡᠷ ᠬᠥᠩᠭᠡᠨᠴᠠᠭᠠᠨ᠂ ᠳᠡᠭᠡᠳᠦ ᠴᠢᠳᠡᠪᠬᠢᠳᠦ ᠬᠥᠩᠭᠡᠨᠴᠠᠭᠠᠨ ᠤ ᠬᠠᠶᠢᠯᠤᠰᠢ᠂ ᠥᠩᠭᠡᠲᠦ ᠢᠰᠦᠯᠳᠦᠭᠰᠡᠨ ᠼᠢᠷᠺᠤᠨ ᠤ ᠦᠢᠯᠡᠳᠪᠦᠷᠢᠯᠡᠬᠦ ᠠᠴᠠ ᠡᠮᠦᠨᠡᠬᠢ ᠲᠤᠷᠰᠢᠯᠲᠠ᠂ ᠥᠨᠳᠥᠷ ᠡᠨᠧᠷᠭᠢᠲᠦ ᠯᠢᠲ᠋ᠢ ᠶᠢᠨ ᠢᠶᠣᠨ ᠳ᠋ᠢᠶᠠᠨ ‍ᠤᠤᠢ ᠶᠢᠨ ᠴᠠᠬᠢᠭᠤᠷ ᠠᠭᠤᠯᠬᠤ ᠪᠢᠯᠢᠭ ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠬᠦ ᠠᠴᠠ ᠡᠮᠦᠨᠡᠬᠢ ᠲᠤᠷᠰᠢᠯᠲᠠ ᠵᠡᠷᠭᠡ ᠨᠢᠬᠡ ᠪᠦᠯᠦᠭ ᠠᠵᠤ ᠦᠢᠯᠡᠰᠵᠢᠭᠰᠡᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠮᠠᠰᠢ ᠣᠯᠠᠨ ︽0 ᠠᠴᠠ 1 ᠬᠥᠷᠬᠦ︾ ᠴᠢᠬᠤᠯᠠ ᠶᠡᠭᠡ ᠲᠠᠪᠠᠯᠳᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠰᠢᠨ᠎ᠡ ᠶᠢ ᠡᠭᠦᠳᠦᠨ ᠬᠥᠭᠵᠢᠬᠦ ᠶᠢ ᠬᠦᠴᠦᠲᠡᠶ ᠠᠬᠢᠭᠤᠯᠪᠠ᠃
      ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠭᠠᠷ ᠬᠤᠯᠪᠣᠯᠴᠠᠨ ᠰᠢᠨ᠎ᠡ ᠨᠢᠭᠡ ᠡᠭᠡᠯᠵᠢ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠬᠦ ᠪᠤᠯᠤᠭᠰᠠᠨ ᠨᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠪᠣᠯᠤᠨ ᠥᠪᠥᠷ ᠮᠣᠩᠭᠤᠯ ᠤᠨ ᠭᠤᠤᠯᠳᠠᠯᠭ᠎ᠠ ᠲᠠᠢ ᠠᠵᠤ ᠦᠢᠯᠡᠰ ᠢ ᠨᠠᠩ ᠰᠠᠶᠢᠲᠤᠷ ᠤᠶᠠᠯᠳᠤᠭᠤᠯᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ᠂ ᠠᠵᠤ ᠦᠢᠯᠡᠰ ᠤᠨ ᠬᠥᠭᠵᠢᠯᠲᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠶᠢᠴᠢᠯᠠᠬᠤ ᠰᠠᠶᠢᠨ ᠰᠠᠶᠢᠬᠠᠨ ᠡᠷᠬᠢᠯᠳᠡ ᠶᠢ ᠪᠦᠷᠢᠯᠳᠦᠭᠦᠯᠬᠦ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ