ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ  ᠵᠠᠩ ᠱᠤᠤ ᠴᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/10/9
      10 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠡᠨᠧᠷᠭᠢ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠣᠷᠣᠨ ᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠬᠤ ᠪᠥᠭᠡᠳ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠦᠨ ᠬᠢᠨ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠪᠠᠨ ᠨᠡᠮᠡᠭᠳᠡᠭᠦᠯᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠬᠠᠷᠠᠯᠲᠠᠲᠦ ᠡᠭᠦᠷᠭᠡ ᠶᠢ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠬᠡᠮᠵᠢᠶ᠎ᠡ ᠲᠣᠭᠲᠠᠭᠠᠵᠤ᠂ ᠨᠡᠭᠦᠷᠡᠰᠦᠨ ᠤ ᠦᠢᠯᠡᠳᠪᠦᠷᠢᠯᠡᠯ ᠢᠶᠠᠨ ᠨᠡᠮᠡᠭᠳᠡᠭᠦᠯᠦᠨ ᠬᠠᠩᠭᠠᠯᠭ᠎ᠠ ᠪᠠᠨ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠬᠦᠴᠢᠷᠳᠡᠯ ᠢ ᠪᠦᠲᠦᠮᠵᠢᠲᠡᠶ ᠨᠠᠮᠳᠠᠭᠤᠯᠵᠤ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠥᠷᠨᠢᠭᠦᠯᠵᠦ᠂ ᠡᠨᠧᠷᠭᠢ ᠶᠢ ᠬᠢᠨᠠᠨ ᠬᠡᠮᠵᠢᠵᠦ ᠲᠣᠬᠢᠷᠠᠭᠤᠯᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠠᠴᠠ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠡᠨᠧᠷᠭᠢ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠲᠤᠰᠬᠠᠶ ᠠᠩᠭᠢ ᠠᠴᠠ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠶᠢ ᠱᠠᠯᠠᠪᠲᠠᠭᠤᠯᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠲᠤᠰᠬᠠᠶ ᠠᠩᠭᠢ ᠠᠴᠠ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠪᠠ ᠢᠯᠴᠢ ᠬᠠᠩᠭᠠᠬᠤ ᠬᠡᠷᠡᠭᠴᠡᠭᠡ ᠶᠢ ᠪᠠᠲᠤᠯᠠᠬᠤ ᠶᠢ ᠱᠠᠯᠠᠪᠲᠠᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠦᠢᠯᠡᠳᠪᠦᠷᠢᠯᠡᠯ ᠤᠨ ᠴᠢᠲᠠᠪᠤᠷᠢ ᠶᠢ ᠨᠡᠮᠡᠭᠳᠡᠭᠦᠯᠬᠦ ᠨᠡᠭᠦᠷᠡᠰᠦᠨ ᠠᠭᠤᠷᠬᠠᠶ ᠶᠢᠨ ᠭᠠᠷᠳᠠᠮ ᠢ ᠭᠦᠢᠴᠡᠳᠬᠡᠬᠦ᠂ ᠭᠠᠶᠢᠯᠢ ᠲᠠᠲᠠᠪᠤᠷᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠴᠠᠬᠢᠯᠭᠠᠨ ᠨᠡᠭᠦᠷᠡᠰᠦᠨ ᠤ ᠲᠡᠭᠡᠭᠡᠪᠦᠷᠢ ᠶᠢᠨ ᠪᠠᠲᠤᠯᠠᠭ᠎ᠠ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠡᠨᠡ ᠡᠪᠦᠯ ᠢᠷᠡᠬᠦ ᠬᠠᠪᠤᠷ ᠤᠨ ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ