|
ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ | ᠫᠢᠩ ᠤᠨ ᠬᠤᠯᠪᠤᠭᠳᠠᠯ ᠪᠦᠬᠦᠢ ᠴᠢᠬᠤᠯᠠ ᠶᠠᠷᠢᠶ᠎ᠠ ᠪᠣᠯᠤᠨ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ |
|
|
ᠨᠡᠶᠢᠲᠡᠯᠡᠭᠰᠡᠨ ᠴᠠᠭ᠄
2021/10/9
|
|
10 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠤᠨ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠤᠤ ᠯᠧ ᠵᠢᠢ ᠨᠥᠬᠦᠷ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠲᠥᠷᠥ ᠶᠢᠨ᠂ ᠪᠥᠬᠦ ᠲᠠᠯ᠎ᠠ ᠶᠢᠨ᠂ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠡᠨᠧᠷᠭᠢ ᠶᠢᠨ ᠦᠢᠯᠡᠳᠪᠦᠷᠢᠯᠡᠯ ᠢ ᠨᠡᠮᠡᠭᠳᠡᠭᠦᠯᠦᠨ ᠬᠠᠩᠭᠠᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠪᠥᠬᠦ ᠬᠦᠴᠦᠨ ᠢᠶᠠᠷ ᠢᠶᠠᠨ ᠭᠦᠢᠴᠡᠳᠬᠡᠬᠦ ᠬᠡᠷᠡᠭᠲᠡᠶ᠃ ᠬᠤᠯᠠ ᠶᠢᠨ ᠪᠤᠳᠤᠯ ᠠᠯᠤᠰ ᠤᠨ ᠬᠠᠷᠠᠭᠠᠰᠤ ᠠᠴᠠ ᠡᠨᠧᠷᠭᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ︽ᠬᠤᠶᠠᠷ ᠶᠡᠬᠡᠳᠠᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠬᠯᠠᠵᠤ᠂ ᠨᠡᠭᠦᠷᠡᠰᠦ ᠶᠢ ᠠᠷᠢᠭᠤᠨ ᠴᠡᠪᠡᠷ ᠢᠶᠠᠷ ᠥᠨᠳᠥᠷ ᠪᠦᠲᠦᠮᠵᠢᠲᠡᠢ ᠠᠰᠢᠬᠯᠠᠬᠤ ᠶᠢ ᠦᠷᠭᠦᠯᠵᠢᠯᠡᠨ ᠠᠬᠢᠭᠤᠯᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠤ ᠱᠠᠭᠠᠷᠳᠠᠵᠠᠢ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠤᠴᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠠ ᠴᠢᠬᠤᠯᠠ ᠶᠠᠷᠢᠶ᠎ᠠ ᠲᠠᠯᠪᠢᠬᠤ ᠳᠠᠭᠠᠨ᠂ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠰᠢᠨ᠎ᠡ ᠪᠠᠶᠢᠳᠠᠯ ᠳᠤᠤᠷᠠᠬᠢ ᠠᠮᠢᠳᠤ ᠪᠣᠳᠠᠰ ᠤᠨ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠶ ᠪᠣᠯᠤᠨ ᠰᠢᠰᠲ᠋ᠧᠮᠲᠦ ᠰᠡᠳᠬᠢᠬᠦᠶ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠠᠶᠤᠯ ᠲᠦᠭᠰᠢᠭᠦᠷᠢ ᠶᠢᠨ ᠬᠦᠷᠢᠶ᠎ᠡ ᠴᠠᠷᠠᠭ᠎ᠠ ᠶᠢ ᠨᠢᠭᠲᠠ ᠠᠩᠬᠠᠷᠴᠤ ᠴᠢᠩᠭ᠎ᠠ ᠠᠳᠬᠤᠵᠤ᠂ ᠪᠥᠬᠦ ᠬᠡᠯᠬᠢᠶ᠎ᠠ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠵᠦ᠂ ᠠᠮᠢᠳᠤ ᠪᠣᠳᠠᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠮᠢᠳᠤ ᠪᠣᠳᠠᠰ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠪᠠ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠪᠠᠶᠢᠳᠠᠯ ᠪᠠ ᠠᠰᠠᠭᠤᠳᠠᠯ ᠳᠤ ᠵᠥᠪ ᠢᠶᠠᠷ ᠬᠠᠨᠳᠤᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ ᠪᠣᠯᠤᠨ ᠲᠡᠦᠬᠡᠨ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠴᠢᠳᠠᠪᠤᠷᠢᠲᠠᠨ ᠢᠶᠠᠷ ᠬᠥᠭᠵᠢᠯᠲᠡ ᠶᠢ ᠳᠠᠭᠠᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠵᠤ᠂ ᠴᠢᠳᠠᠪᠤᠷᠢᠲᠠᠨ ᠤ ᠲᠤᠯᠭᠠᠭᠤᠷᠢᠯᠠᠯ ᠢᠶᠠᠷ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠵᠤ᠂ ᠴᠢᠳᠠᠪᠤᠷᠢᠲᠠᠨ ᠤ ᠳᠠᠪᠠᠭᠤᠯᠢᠭ ᠢᠶᠠᠷ ᠬᠥᠭᠵᠢᠯᠲᠡ ᠶᠢᠨ ᠳᠠᠪᠠᠭᠤᠯᠢᠭ ᠢ ᠲᠡᠮᠡᠴᠡᠨ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠵᠤᠤ ᠯᠧ ᠵᠢᠢ ᠨᠥᠬᠦᠷ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠨᠢ ᠪᠢᠳᠡᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠬᠦᠴᠦᠲᠡᠢ ᠵᠢᠯᠤᠭᠤᠳᠤᠯᠭ᠎ᠠ ᠬᠠᠩᠭᠠᠪᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠡᠮᠴᠢᠯᠡᠬᠡᠨ ᠤ ᠠᠵᠢᠯᠯᠠᠭ᠎ᠠ ᠶᠢ ᠵᠢᠷᠤᠮᠵᠢᠭᠤᠯᠵᠤ ᠵᠦᠶ ᠵᠣᠬᠢᠰᠲᠠᠶ ᠡᠮᠴᠢᠯᠡᠭᠡᠨ ᠤ ᠪᠠᠶᠢᠴᠠᠭᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠮᠢᠶ᠎ᠠ ᠪᠦᠬᠦᠢ ᠲᠤᠰᠬᠠᠶ ᠲᠥᠯᠥᠪᠵᠢᠭᠦᠯᠭᠡ ᠵᠡᠷᠭᠡ ᠵᠦᠢᠯ ᠢ ᠰᠤᠳᠤᠯᠪᠠ᠃
|
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|