2021 ᠣᠨ ᠤ ᠭᠤᠷᠪᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠡᠯᠡᠯ
ᠨᠡᠶᠢᠲᠡᠯᠡᠭᠰᠡᠨ ᠴᠠᠭ᠄
2021/10/9

     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠶᠢᠨ ᠠᠯᠪᠠᠨ ᠬᠡᠷ ᠲᠤ᠄
     ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠠᠷᠢᠨ ᠪᠢᠴᠢᠭ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠬᠤ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ ᠠᠵᠢᠯ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2021 ᠣᠨ ᠤ ᠭᠤᠷᠪᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠤᠨ ᠮᠡᠳᠡᠭᠡᠯᠡᠯ ᠨᠢ ᠳᠣᠤᠷᠠᠬᠢ ᠮᠡᠲᠦ᠄
     ᠨᠢᠭᠡ᠂ ᠠᠵᠢᠯ ᠥᠷᠨᠢᠭᠦᠯᠦᠭᠰᠡᠨ ᠪᠠᠶᠢᠳᠠᠯ
     ︵ᠨᠢᠭᠡ︶ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ᠃ 2021 ᠣᠨ ᠤ ᠭᠤᠷᠪᠠᠳᠤᠭᠠᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠠᠵᠢᠯᠯᠠᠵᠤ ᠪᠠᠶᠢᠭ᠎ᠠ 544 ᠵᠠᠰᠠᠭ ᠤᠨ ᠣᠷᠳᠣᠨ ᠤ ᠰᠦᠯᠵᠢᠶ᠎ᠡ ᠠᠴᠠ 289 ᠶᠢ ᠰᠤᠭᠤᠴᠢᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 100% ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶ᠎ᠡ ᠠᠴᠠ 44 ᠶᠢ ᠪᠠᠶᠢᠴᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠠᠴᠠ 115 ᠶᠢ ᠪᠠᠶᠢᠴᠠᠭᠠᠪᠠ︔ ᠡᠯ᠎ᠡ ᠠᠶᠢᠮᠠᠭ ᠬᠤᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 33.8% ᠪᠠᠶᠢᠵᠤ᠂ ᠨᠡᠶᠢᠲᠡ 130 ᠶᠢ ᠰᠤᠭᠤᠴᠢᠨ ᠪᠠᠶᠢᠴᠠᠭᠠᠪᠠ᠃ ᠰᠣᠩᠭᠤᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 5 ᠪᠠᠶᠢᠵᠤ᠂ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠨᠣᠷᠮ᠎ᠠ ᠨᠢ        98.3% ᠳᠤ ᠬᠦᠷᠴᠦ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠵᠠᠰᠠᠭ ᠤᠨ ᠣᠷᠳᠣᠨ ᠤ ᠰᠦᠯᠵᠢᠶ᠎ᠡ ᠶᠢ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠪᠡ᠃
     ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ᠃ 2021 ᠣᠨ ᠤ ᠭᠤᠷᠪᠠᠳᠤᠭᠠᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ 5147 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠣᠲᠣᠷ᠎ᠠ ᠠᠴᠠ 2380 ᠶᠢ ᠰᠤᠭᠤᠴᠢᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠰᠤᠭᠤᠴᠢᠨ ᠪᠠᠶᠢᠴᠠᠭᠠᠭᠰᠠᠨ ᠬᠠᠷᠢᠴᠠᠯ ᠨᠢ 100%᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 42.35% ᠪᠠᠶᠢᠵᠤ᠂ ᠡᠭᠦᠨ ᠳᠤ ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ 187 ᠪᠠᠶᠢᠵᠤ᠂ ᠬᠢᠷᠢ ᠲᠡᠩᠴᠡᠭᠰᠡᠨ ᠶᠡᠷᠦᠩᠬᠡᠢ ᠨᠣᠷᠮ᠎ᠠ ᠨᠢ 92.14% ᠳᠤ ᠬᠦᠷᠴᠦ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠵᠡᠷᠭᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠢ ᠬᠢᠷᠢ ᠲᠡᠩᠴᠡᠭᠰᠡᠨ ᠶᠡᠷᠦᠩᠬᠡᠢ ᠨᠣᠷᠮ᠎ᠠ ᠠᠴᠠ ᠥᠨᠳᠥᠷ ᠪᠠᠶᠢᠨ᠎ᠠ᠃
     ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ
     ︵ᠨᠢᠭᠡ︶ ᠠᠵᠢᠯᠯᠠᠭᠤᠯᠤᠨ ᠪᠠᠲᠤᠯᠠᠵᠤ ᠬᠢᠨᠠᠵᠤ ᠬᠠᠮᠢᠶᠠᠷᠬᠤ ᠤᠬᠠᠮᠰᠠᠷ ᠢᠶᠠᠨ ᠲᠦᠷᠭᠡᠨ ᠳᠡᠭᠡᠭᠰᠢᠯᠡᠭᠦᠯᠬᠦ ᠴᠢᠬᠤᠯᠠᠲᠠᠶ᠃ ᠬᠡᠰᠡᠭ ᠰᠦᠯᠵᠢᠶ᠎ᠡ ᠶᠢᠨ ᠠᠵᠢᠯᠯᠠᠭᠤᠯᠤᠨ ᠪᠠᠲᠤᠯᠠᠵᠤ ᠬᠢᠨᠠᠵᠤ ᠬᠠᠮᠢᠶᠠᠷᠤᠭᠰᠠᠨ ᠢᠶᠠᠷ ᠬᠦᠷᠦᠯᠴᠡᠬᠦ ᠥᠬᠡᠶ ᠪᠠᠶᠢᠵᠤ᠂ ᠭᠤᠣᠯᠯᠠᠨ ᠬᠠᠮᠢᠶᠠᠷᠬᠤ ᠨᠢᠭᠡᠴᠢ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠪᠠᠶᠢᠴᠠᠭᠠᠬᠤ᠂ ᠵᠢᠵᠢᠭᠦᠷᠯᠡᠵᠦ ︽ᠰᠦᠯᠵᠢᠶ᠎ᠡ ᠤᠩᠰᠢᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠂ ᠰᠦᠯᠵᠢᠶ᠎ᠡ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠰᠢᠨᠡᠳᠬᠡᠭᠰᠡᠨ ᠥᠬᠡᠶ᠂ ᠪᠤᠷᠤᠭᠤ ᠲᠠᠰᠢᠶ᠎ᠠ᠂ ᠬᠤᠷᠴᠠ ᠰᠡᠷᠭᠡᠭ ᠥᠰᠥᠭ ᠪᠠ ᠬᠦᠴᠦᠨ ᠥᠬᠡᠶ ᠴᠥᠷᠬᠡᠯᠡᠭᠡ ᠵᠡᠷᠭᠡ ᠪᠠᠶᠢᠳᠠᠯ ᠪᠠᠶᠢᠨ ᠪᠠᠶᠢᠨ ᠢᠯᠡᠷᠡᠵᠦ ᠪᠠᠶᠢᠨ᠎ᠠ᠃ ᠵᠢᠱᠢᠶᠡᠯᠡᠪᠡᠯ ᠦᠬᠠᠶ ᠬᠤᠲᠠ ᠶᠢᠨ ᠴᠡᠴᠡᠷᠯᠢᠭ ᠤᠨ ᠲᠣᠪᠴᠢᠶ᠎ᠠ ᠶᠢᠨ ᠰᠦᠯᠵᠢᠶ᠎ᠡ ᠲᠡᠷᠢᠭᠦᠨ ᠨᠢᠭᠤᠷ ᠢᠶᠠᠨ ᠣᠷᠳᠣ ᠬᠤᠭᠤᠴᠠᠭ᠎ᠠ ᠪᠠᠷ ᠰᠢᠨᠡᠳᠬᠡᠭᠰᠡᠨ ᠥᠬᠡᠶ ᠪᠠᠶᠢᠵᠤ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠰᠦᠯᠵᠢᠶ᠎ᠡ ᠳᠤ ᠣᠯᠠᠨ ᠬᠤᠭᠤᠰᠣᠨ ᠪᠤᠯᠤᠩ ᠣᠷᠣᠰᠢᠵᠤ ᠪᠠᠶᠢᠨ᠎ᠠ᠃
     ︵ᠬᠤᠶᠠᠷ︶ ᠵᠠᠰᠠᠭ ᠤᠨ ᠣᠷᠳᠣᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠬᠤ ᠴᠢᠬᠤᠯᠠᠲᠠᠶ᠃ ᠪᠠᠶᠢᠴᠠᠭᠠᠯᠲᠠ ᠪᠠᠷ ᠢᠯᠡᠷᠡᠭᠦᠯᠦᠭᠰᠡᠨ ᠨᠢ᠂ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠲᠠᠶᠢᠯᠤᠮᠵᠢ ᠨᠢ ᠬᠤᠯᠪᠣᠭᠳᠠᠯ ᠥᠬᠡᠶ᠃ ᠵᠢᠱᠢᠶᠡᠯᠡᠪᠡᠯ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠵᠡᠷᠭᠡ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠡᠯᠧᠮᠧᠨ᠋ᠲ ᠠᠭᠤᠯᠭ᠎ᠠ ᠨᠢ ᠲᠡᠭᠦᠯᠳᠡᠷ ᠪᠤᠰᠤ ᠪᠠᠶᠢᠨ᠎ᠠ᠃ ᠵᠢᠱᠢᠶᠡᠯᠡᠪᠡᠯ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠵᠡᠷᠭᠡ᠃ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠮᠡᠲᠦ ᠶᠢᠨ ᠵᠠᠷᠢᠮ ᠵᠠᠰᠠᠭ ᠤᠨ ᠣᠷᠳᠣᠨ ᠤ ᠰᠦᠯᠵᠢᠶᠡᠨ ᠤ ᠪᠤᠯᠤᠩ᠂ ᠨᠢᠭᠤᠷ ᠲᠤ ᠰᠦᠯᠵᠢᠶᠡᠨ ᠤ ᠨᠡᠷ᠎ᠡ ᠪᠠᠨ ᠢᠯᠡ ᠭᠠᠵᠠᠷ ᠲᠤ ᠲᠠᠯᠪᠢᠭᠰᠠᠨ ᠥᠬᠡᠶ᠃
     ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠮᠥᠨ ᠬᠦ ᠴᠢᠩᠭᠠᠳᠬᠠᠬᠤ ᠴᠢᠬᠤᠯᠠᠲᠠᠶ᠃ ᠪᠠᠶᠢᠴᠠᠭᠠᠯᠲᠠ ᠪᠠᠷ ᠢᠯᠡᠷᠡᠭᠦᠯᠦᠭᠰᠡᠨ ᠨᠢ᠂ ᠵᠠᠷᠢᠮ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠨᠢ ᠤᠷᠲᠤ ᠬᠤᠭᠤᠴᠠᠭ᠎ᠠ ᠠᠭᠤᠯᠭ᠎ᠠ ᠪᠠᠨ ᠰᠢᠨᠡᠳᠬᠡᠭᠰᠡᠨ ᠥᠬᠡᠶ᠃ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ︾᠂ ︽ᠲᠦᠮᠡᠳ ᠵᠡᠭᠦᠨ ᠬᠤᠰᠢᠭᠤᠨ ᠤ ᠰᠣᠶᠣᠯ ᠲᠠᠮᠢᠷ ᠤᠨ ᠲᠣᠪᠴᠢᠶ᠎ᠠ︾᠂ ︽ᠲᠦᠩᠯᠢᠶᠣᠤ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︾᠂ ᠰᠢᠨ ᠯᠠᠩ ᠪᠢᠴᠢᠯ ᠪᠯᠤᠭ ︽ᠷᠠᠰᠢᠶᠠᠨ ᠬᠤᠲᠠ ᠶᠢᠨ ᠣᠷᠴᠢᠨ ᠠᠬᠤᠶ ᠶᠢᠨ ᠬᠠᠮᠠᠭᠠᠯᠠᠯᠲᠠ︾᠂ ᠥᠨᠥᠳᠦᠷ ᠤᠨ ᠲᠡᠷᠢᠭᠦᠨ ᠵᠤᠷᠪᠤᠰ ︽ᠠᠮᠤᠭᠤᠯᠠᠩ ᠰᠢᠯᠢ ᠶᠢᠨ ᠭᠤᠤᠯ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠯᠭ᠎ᠠ ᠪᠠᠨ ᠣᠷᠳᠣ ᠬᠤᠭᠤᠴᠠᠭ᠎ᠠ ᠰᠢᠨᠡᠳᠬᠡᠭᠰᠡᠨ ᠥᠬᠡᠶ᠃ ᠬᠡᠰᠡᠭ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠤᠨ ᠬᠠᠷᠢᠯᠴᠠᠨ ᠦᠢᠯᠡᠳᠦᠯᠴᠡᠬᠦ ᠶᠢ ᠪᠠᠲᠤᠯᠠᠬᠤ ᠴᠢᠳᠠᠪᠤᠷᠢ ᠬᠦᠷᠦᠯᠴᠡᠬᠦ ᠥᠬᠡᠶ ᠪᠠᠶᠢᠨ᠎ᠠ᠃ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽ᠣᠲᠤᠭ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︾᠂ ︽ᠲᠦᠩᠯᠢᠶᠣᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ︾᠂ ︽ᠵᠢᠨᠢᠩ ᠤᠨ ᠬᠤᠶᠠᠷ ᠢ ᠬᠦᠷᠢᠶᠡᠯᠡᠬᠦ ᠠᠯᠪᠠᠨ ᠬᠡᠷ︾ ᠨᠢ ᠬᠠᠷᠢᠯᠴᠠᠨ ᠦᠢᠯᠡᠳᠦᠯᠴᠡᠬᠦ ᠪᠦᠲᠦᠮᠵᠢᠲᠡᠶ ᠴᠢᠳᠠᠮᠵᠢ ᠬᠠᠩᠭᠠᠭᠰᠠᠨ ᠥᠬᠡᠶ᠃
     ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ
     ︵ᠨᠢᠭᠡ︶ ᠴᠢᠳᠠᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠠᠭᠤᠯᠭ᠎ᠠ ᠶᠢ ᠨᠢᠭᠡᠳᠬᠡᠨ ᠲᠥᠪᠯᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠮᠡᠷᠭᠡᠵᠢᠯ ᠰᠢᠨ᠎ᠡ ᠬᠡᠷᠡᠭᠯᠡᠭᠡ ᠶᠢ ᠭᠦᠢᠴᠡᠳ ᠬᠡᠷᠡᠭᠯᠡᠨ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠠᠷᠢᠯᠴᠠᠨ ᠦᠢᠯᠡᠳᠦᠯᠴᠡᠵᠦ ᠬᠠᠷᠢᠭᠤ ᠲᠤᠰᠬᠠᠬᠤ ᠠᠷᠭ᠎ᠠ ᠵᠠᠮ ᠢ ᠪᠥᠬᠦ ᠲᠠᠯ᠎ᠠ ᠪᠠᠷ ᠤᠷᠤᠭᠰᠢᠲᠠᠢ ᠨᠡᠪᠲᠡᠷᠡᠭᠦᠯᠵᠦ᠂ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠱᠠᠲᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ ᠢᠨᠲ᠋ᠧᠷ ᠰᠦᠯᠵᠢᠶᠡᠨ ᠤ ᠬᠡᠯᠡᠯᠴᠡᠭᠡᠷ ᠤᠨ ᠵᠢᠷᠭᠤᠳᠤᠭᠠᠷ ᠬᠡᠪᠯᠡᠯ ︵IPv6︶ ᠢ ᠥᠭᠡᠷᠡᠴᠢᠯᠡᠬᠦ ᠠᠵᠢᠯ ᠢ ᠲᠦᠷᠭᠡᠪᠴᠢᠯᠡᠨ ᠠᠬᠢᠭᠤᠯᠬᠤ ᠬᠡᠷᠡᠭᠲᠡᠶ᠃
     ︵ᠬᠤᠶᠠᠷ︶ ᠮᠡᠳᠡᠭᠡ ᠵᠠᠩᠭᠢ ᠶᠢᠨ ᠠᠭᠤᠯᠭ᠎ᠠ ᠶᠢ ᠠᠵᠢᠯᠯᠠᠭᠤᠯᠵᠤ ᠪᠠᠲᠤᠯᠠᠬᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠵᠠᠰᠠᠭ ᠤᠨ ᠣᠷᠳᠣᠨ ᠤ ᠰᠦᠯᠵᠢᠶᠡᠨ ᠪᠤᠯᠤᠩ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠴᠢᠳᠠᠮᠵᠢ ᠶᠢᠨ ᠲᠣᠪᠶᠤᠭ ᠢ ᠵᠣᠬᠢᠰᠲᠠᠶ ᠨᠡᠭᠡᠭᠡᠵᠦ᠂ ᠠᠭᠤᠯᠭ᠎ᠠ ᠶᠢ ᠪᠠᠲᠤᠯᠠᠬᠤ ᠲᠣᠭᠲᠠᠴᠠ ᠶᠢ ᠵᠡᠷᠭᠡ ᠳᠤ ᠨᠢ ᠪᠠᠶᠢᠭᠤᠯᠬᠤ ᠬᠡᠷᠡᠭᠲᠡᠶ᠃ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠭᠤᠯᠭ᠎ᠠ ᠶᠢ ᠴᠠᠭ ᠲᠤᠬᠠᠢ ᠳᠤ ᠨᠢ ᠰᠢᠨᠡᠳᠬᠡᠭᠰᠡᠨ ᠦᠭᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠨᠠᠷᠢᠯᠢᠭ ᠣᠨᠣᠪᠴᠢᠲᠠᠢ ᠲᠠᠶᠢᠯᠤᠮᠵᠢ ᠬᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠮᠠᠲ᠋ᠧᠷᠢᠶᠠᠯ ︵ᠦᠢᠯᠡᠳᠬᠦᠨ︶ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠬᠢᠭᠡᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠬᠠᠷᠢᠯᠴᠠᠨ ᠬᠤᠯᠪᠣᠭᠳᠠᠭᠤᠯᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠬᠢᠨᠠᠨ ᠬᠠᠷᠭᠤᠭᠤᠯᠵᠤ ᠶᠢ ᠴᠢᠩᠭᠠᠷᠠᠭᠤᠯᠤᠨ᠂ ᠨᠡᠶᠢᠲᠡᠯᠡᠭᠰᠡᠨ ᠠᠭᠤᠯᠭ᠎ᠠ ᠶᠢ ᠴᠠᠭ ᠲᠤᠬᠠᠶ ᠳᠤ ᠨᠢ᠂ ᠣᠨᠣᠪᠴᠢᠲᠠᠶ᠂ ᠪᠦᠷᠢᠨ ᠪᠦᠲᠦᠨ᠂ ᠵᠢᠷᠤᠮᠵᠢᠯ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
     ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠠᠵᠢᠯᠯᠠᠭᠤᠯᠤᠨ ᠬᠠᠮᠠᠭᠠᠯᠠᠵᠤ ᠬᠢᠨᠠᠵᠤ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠡᠭᠡᠭᠡᠨ ᠡᠷᠭᠢᠯᠡᠬᠦ᠂ ᠬᠤᠪᠢᠷᠠᠭᠤᠯᠬᠤ᠂ ᠬᠠᠭᠠᠵᠤ ᠵᠣᠭᠰᠣᠭᠠᠬᠤ᠂ ᠬᠦᠴᠦᠨ ᠥᠬᠡᠶ ᠪᠣᠯᠭᠠᠬᠤ ᠵᠡᠷᠭᠡ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ︾ ᠳᠤᠮᠳᠠᠬᠢ ᠮᠡᠳᠡᠭᠡ ᠵᠠᠩᠭᠢ ᠶᠢ ᠬᠠᠮᠠᠭᠠᠯᠠᠨ ᠪᠠᠲᠤᠯᠠᠬᠤ ᠠᠵᠢᠯ ᠢ ᠴᠢᠩᠭᠠᠳᠬᠠᠵᠤ᠂ ᠮᠡᠳᠡᠭᠦᠯᠦᠨ ᠬᠢᠨᠠᠭᠤᠯᠵᠤ ᠳᠠᠩᠰᠠᠯᠠᠭᠤᠯᠬᠤ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠤᠨ ᠦᠨᠳᠦᠰᠦᠨ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠵᠢᠷᠤᠮᠵᠢᠯ ᠲᠠᠢ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠴᠡᠭᠴᠡᠯᠡᠨ ᠨᠢᠭᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠳᠠᠯᠢ ᠨᠢᠭᠡᠨ ᠲᠠᠪᠴᠠᠩ ᠳᠡᠭᠡᠷ᠎ᠡ ᠴᠢᠳᠠᠮᠵᠢ ᠪᠠᠷ ᠣᠶᠢᠷᠠᠯᠴᠠᠭ᠎ᠠ ᠣᠯᠠᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠳᠠᠩᠰᠠᠯᠠᠭᠤᠯᠪᠠᠯ᠂ ᠠᠯᠢ ᠲᠦᠷᠭᠡᠨ ᠢᠶᠠᠷ ᠴᠣᠮᠬᠠᠳᠬᠠᠨ ᠨᠢᠭᠡᠳᠬᠡᠵᠦ᠂ ᠬᠦᠴᠦᠨ ᠢᠶᠠᠨ ᠲᠥᠪᠯᠡᠷᠡᠭᠦᠯᠦᠨ ᠭᠤᠤᠯ ᠲᠠᠩᠰᠠᠨ ᠳ᠋ᠤᠭᠠᠷ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠶ᠃ ᠦᠨᠡᠨ ᠬᠦ ᠬᠠᠮᠠᠭᠠᠯᠠᠨ ᠪᠠᠲᠤᠯᠠᠵᠤ ᠳᠡᠶᠢᠯᠬᠦ ᠦᠭᠡᠢ ᠰᠢᠨ᠎ᠡ ᠵᠠᠭᠤᠴᠢᠯᠠᠭᠤᠷ ᠤᠨ ᠳᠠᠩᠰᠠᠨ ᠳ᠋ᠤᠭᠠᠷ ᠢ ᠡᠷᠡᠰ ᠬᠠᠭᠠᠵᠤ ᠵᠣᠭᠰᠣᠭᠠᠬᠤ ᠬᠡᠷᠡᠭᠲᠡᠢ᠃
     2021 ᠣᠨ ᠤ ᠭᠤᠷᠪᠠᠳᠤᠭᠠᠷ ᠤᠯᠠᠷᠢᠯ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠡᠯᠡᠭᠰᠡᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠴᠠᠭ ᠢ ᠠᠮᠵᠢᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠵᠠᠷᠯᠠᠨ ᠨᠡᠶᠢᠲᠡᠯᠡᠭᠰᠡᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠶ᠃
     ᠳᠠᠭᠠᠯᠳᠤᠭᠤᠯᠤᠯ᠄
     1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ
     2. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠳᠤ ᠬᠢᠷᠢ ᠲᠡᠩᠴᠡᠭᠰᠡᠨ ᠦᠭᠡᠢ ᠪᠠᠶᠢᠳᠠᠯ
     3. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ