ᠱᠢ ᠲᠠᠢ ᠹᠧᠩ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠦᠷᠭᠦᠯᠵᠢᠯᠡᠨ ᠪᠠᠶᠢᠯᠳᠤᠬᠤ ᠪᠠᠶᠢᠳᠠᠯ ᠢᠶᠠᠨ ᠪᠠᠲᠤᠯᠠᠵᠤ ᠳᠠᠶᠢᠨ ᠠᠴᠠ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/11/1

      ᠸᠠᠩ ᠯᠢ ᠰᠢᠶᠠ ᠶᠠᠷᠢᠶ᠎ᠠ ᠲᠠᠯᠪᠢᠵᠠᠢ

      10 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠸᠢᠳᠢᠣ᠋ ᠬᠡᠯᠪᠡᠷᠢ ᠪᠠᠷ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠦᠬᠡᠳ ᠶᠠᠷᠢᠶ᠎ᠠ ᠲᠠᠯᠪᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠴᠠᠭ ᠮᠥᠴᠡ ᠲᠠᠢ ᠤᠷᠤᠯᠳᠤᠬᠤ᠂ ᠸᠢᠷᠦ᠋ᠰ ᠲᠠᠢ ᠤᠷᠤᠯᠳᠤᠬᠤ ᠶᠢ ᠪᠠᠷᠢᠮᠲᠠᠯᠠᠵᠤ᠂ ᠦᠷᠭᠦᠯᠵᠢᠯᠡᠨ ᠪᠠᠶᠢᠯᠳᠤᠬᠤ ᠪᠠᠶᠢᠳᠠᠯ ᠢᠶᠠᠨ ᠪᠠᠲᠤᠯᠠᠵᠤ᠂ ᠰᠤᠯᠠᠷᠠᠬᠤ ᠰᠡᠳᠬᠢᠯᠭᠡ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠵᠡᠨ᠎ᠡ ᠬᠤᠰᠢᠭᠤᠨ ᠳᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.jpg


      ᠬᠤᠷᠠᠯ ᠠᠴᠠ ᠠᠯᠠᠱᠠ ᠠᠶᠢᠮᠠᠭ ᠪᠣᠯᠤᠨ ᠡᠵᠡᠨ᠎ᠡ ᠬᠤᠰᠢᠭᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠭᠰᠠᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠭᠡᠮ ᠬᠦᠴᠢᠯ ᠤᠨ ᠪᠠᠶᠢᠴᠠᠭᠠᠯᠲᠠ᠂ ᠡᠮᠴᠢᠯᠡᠭᠡᠨ ᠤ ᠠᠪᠤᠷᠠᠨ ᠵᠠᠰᠠᠯᠲᠠ᠂ ᠵᠢᠭᠤᠯᠴᠢᠯᠠᠭᠰᠠᠳ ᠢ ᠰᠢᠯᠵᠢᠭᠦᠯᠬᠦ ᠵᠢᠴᠢ ᠨᠡᠶᠢᠭᠡᠮ ᠤᠨ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠱᠢ ᠲᠠᠢ ᠹᠧᠩ᠂ ᠣᠳᠣᠬᠠᠨ ᠳᠤ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠡᠯ᠎ᠡ ᠱᠠᠲᠤ ᠡᠯ᠎ᠡ ᠲᠠᠯ᠎ᠠ ᠶᠢᠨ ᠬᠢᠨ ᠢᠮᠠᠭᠲᠠ ᠡᠷᠴᠢ ᠵᠣᠷᠢᠭ ᠢᠶᠠᠨ ᠬᠥᠪᠴᠢᠯᠡᠨ ᠬᠢᠵᠢᠭ ᠲᠠᠢ ᠲᠡᠮᠡᠴᠡᠬᠦ ᠳᠠᠶᠢᠯᠠᠯᠳᠤᠭᠠᠨ ᠳᠤ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨ ᠬᠦ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠰᠢᠨᠵᠢᠯᠡᠬᠦ ᠤᠬᠠᠭᠠᠨᠴᠢ ᠣᠨᠣᠴᠠᠲᠠᠶ ᠥᠨᠳᠥᠷ ᠪᠦᠲᠦᠮᠵᠢᠲᠡᠶ᠂ ᠨᠠᠷᠢᠨ ᠨᠢᠭᠲᠠ ᠯᠠᠪᠳᠠᠭᠤᠨ ᠪᠠᠲᠤᠲᠠᠶ ᠡᠷᠴᠢᠮᠲᠡᠢ ᠪᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠡᠪᠡᠳᠴᠢᠨ ᠤ ᠵᠢᠱᠢᠶ᠎ᠡ ᠶᠢ ᠡᠷᠳᠡᠭᠡᠨ ᠠᠷᠢᠯᠭᠠᠵᠤ᠂ ᠡᠷᠳᠡᠭᠡᠨ ᠲᠤᠶᠢᠯᠪᠤᠷᠢᠳᠠᠢ ᠰᠢᠢᠳᠪᠤᠷᠢᠯᠡᠵᠤ᠂ ᠸᠢᠷᠦ᠋ᠰ ᠤᠨ ᠬᠠᠯᠳᠠᠪᠤᠷᠢᠯᠠᠬᠤ ᠵᠠᠮ ᠮᠥᠷ ᠢ ᠪᠥᠬᠦ ᠬᠦᠴᠦ ᠪᠠᠷ ᠢᠶᠠᠨ ᠲᠠᠰᠤᠯᠵᠤ᠂ ᠬᠢᠵᠢᠭ ᠤᠨ ᠳᠠᠷᠬᠠᠨ ᠳᠡᠯᠭᠡᠷᠡᠬᠦ ᠶᠢ ᠬᠤᠷᠢᠭᠯᠠᠬᠤ ᠬᠡᠷᠡᠭᠲᠡᠶ᠃ ᠠᠯᠢᠪᠠ ᠠᠰᠢᠭᠯᠠᠵᠤ ᠪᠣᠯᠬᠤ ᠴᠠᠭ ᠢ ᠠᠰᠢᠠᠠᠯᠠᠵᠤ ᠡᠯ᠎ᠡ ᠵᠦᠢᠯ ᠤᠨ ᠠᠵᠢᠯ ᠢᠶᠠᠨ ᠲᠠᠬᠢᠨ ᠡᠮᠬᠢᠯᠡᠵᠦ᠂ ᠪᠦᠬᠦ ᠲᠠᠯ᠎ᠠ ᠪᠠᠷ ᠠᠯᠳᠠᠭ᠎ᠠ ᠪᠤᠷᠤᠭᠤ ᠪᠠᠨ ᠡᠷᠢᠵᠦ᠂ ᠠᠯᠳᠠᠭ᠎ᠠ ᠪᠤᠷᠤᠭᠤ ᠪᠠᠨ ᠴᠠᠭ ᠲᠤᠬᠠᠢ ᠳᠤ ᠨᠢ ᠵᠠᠯᠠᠷᠠᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠢᠭᠲᠠ ᠬᠤᠯᠪᠣᠯᠳᠤᠬᠤ᠂ ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

      ᠱᠢ ᠲᠠᠢ ᠹᠧᠩ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ᠂ ᠬᠠᠮᠢᠶᠡᠷᠤᠯᠳᠠ ᠶᠢᠨ ᠠᠯᠳᠠᠰᠢ ᠭᠠᠷᠬᠤ ᠪᠠ ᠰᠣᠯᠪᠢᠴᠠᠨ ᠬᠠᠯᠳᠠᠪᠤᠷᠢᠯᠠᠬᠤ ᠠᠰᠠᠭᠤᠳᠠᠯ ᠳᠠᠬᠢᠨ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠶᠢ ᠡᠷᠴᠢᠮ ᠢᠶᠠᠨ ᠴᠢᠩᠭᠠᠷᠠᠭᠤᠯᠵᠤ ᠲᠦᠷᠭᠡᠳᠭᠡᠨ ᠠᠬᠢᠭᠤᠯᠵᠤ᠂ ᠳᠠᠪᠠᠭᠤᠯᠢᠭ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠯᠭᠠᠨ ᠪᠠᠶᠢᠴᠠᠭᠠᠬᠤ ᠲᠦᠭᠵᠢᠷᠡᠯ ᠢ ᠰᠢᠪᠲᠤᠯᠵᠤ᠂ ᠴᠠᠭ ᠮᠥᠴᠡ ᠲᠠᠢ ᠤᠷᠤᠯᠳᠤᠨ ᠸᠢᠷᠦ᠋ᠰ ᠤᠨ ᠰᠢᠭᠰᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠲᠠᠬᠤᠯ ᠡᠪᠡᠳᠴᠢᠨ ᠤ ᠪᠠᠶᠢᠴᠠᠭᠠᠯᠲᠠ ᠶᠢᠨ ᠠᠵᠢᠯ ᠢ ᠡᠷᠬᠡᠪᠰᠢ ᠡᠷᠲᠡ ᠬᠥᠳᠡᠯᠦᠯᠴᠡᠨ ᠲᠦᠷᠭᠡᠨ ᠥᠷᠨᠢᠭᠦᠯᠵᠦ᠂ ᠪᠦᠬᠦ ᠲᠠᠯ᠎ᠠ ᠪᠠᠷ ᠪᠠᠶᠢᠴᠠᠭᠠᠵᠤ᠂ ᠳᠠᠯᠳᠠ ᠬᠠᠯᠳᠠᠪᠤᠷᠢᠯᠠᠭᠰᠠᠨ ᠢ ᠬᠠᠮᠤᠭ ᠤᠨ ᠣᠬᠤᠷ ᠬᠤᠭᠤᠴᠠᠭᠠᠨ ᠳᠤ ᠪᠦᠬᠦᠨ ᠢ ᠡᠷᠢᠵᠦ ᠣᠯᠬᠤ ᠪᠠᠷ ᠴᠢᠷᠮᠠᠶᠢᠬᠤ ᠬᠡᠷᠡᠭᠲᠡᠶ᠃ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠵᠠᠪᠠᠯ ᠯᠠᠪᠳᠠᠭᠤᠨ ᠪᠠᠲᠤᠲᠠᠢ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ︽ᠭᠡᠷ ᠠᠴᠠ ᠪᠠᠨ ᠭᠠᠷᠬᠤ ᠦᠭᠡᠢ︾ ᠪᠠᠶᠢᠬᠤ ᠪᠢᠲᠡᠭᠦᠮᠵᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠠᠭᠤᠷᠠᠢ ᠭᠤᠭᠴᠤᠭ᠎ᠠ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠷᠭᠡᠶᠢᠯᠡᠨ ᠡᠵᠡᠮᠳᠡᠬᠦ ᠲᠣᠣᠷ ᠢ ᠴᠢᠩᠭ᠎ᠠ ᠨᠢᠮᠪᠠᠢ ᠨᠢᠭᠲᠠ ᠰᠦᠯᠵᠢᠨ ᠪᠠᠬᠢᠯᠡᠵᠦ᠂ ᠪᠢᠲᠡᠭᠦᠮᠵᠢᠯᠡᠬᠦ ᠶᠣᠰᠣᠲᠠᠢ ᠶᠢ ᠨᠢ ᠡᠷᠬᠡᠪᠰᠢ ᠪᠢᠲᠡᠭᠦᠮᠵᠢᠯᠡᠵᠦ᠂ ᠬᠤᠷᠢᠭᠯᠠᠬᠤ ᠶᠣᠰᠣᠲᠠᠢ ᠶᠢ ᠨᠢ ᠡᠷᠬᠡᠪᠰᠢ ᠬᠤᠷᠢᠭᠯᠠᠬᠤ ᠬᠡᠷᠡᠭᠲᠡᠢ᠃ ᠬᠤᠴᠤᠷᠭᠠᠵᠦ ᠠᠪᠤᠭᠰᠠᠨ ᠵᠢᠭᠤᠯᠴᠢᠯᠠᠭᠰᠠᠳ ᠢ ᠲᠥᠷᠥᠯ ᠰᠠᠳᠤᠨ ᠢᠶᠠᠨ ᠠᠳᠠᠯᠢ ᠦᠵᠡᠵᠦ᠂ ᠪᠥᠬᠦ ᠶᠠᠪᠤᠴᠠ ᠳᠤ ᠪᠢᠲᠡᠭᠦᠮᠵᠢᠯᠡᠭᠰᠡᠨ᠂ ᠠᠮᠤᠷ ᠲᠦᠪᠰᠢᠨ ᠡᠮᠬᠢ ᠵᠢᠷᠤᠮ ᠲᠠᠢ ᠰᠢᠯᠵᠢᠭᠦᠯᠦᠨ ᠵᠦᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠪᠠᠷ ᠪᠣᠳᠠᠲᠠᠶ ᠲᠣᠬᠢᠷᠠᠭᠤᠯᠤᠯᠲᠠ ᠬᠢᠵᠦ᠂ ᠪᠤᠴᠠᠬᠤ ᠠᠶᠠᠨ ᠤ ᠰᠢᠯᠵᠢᠭᠦᠯᠦᠨ ᠵᠦᠭᠡᠭᠡᠪᠦᠷᠢᠯᠡᠬᠦ ᠪᠣᠳᠠᠲᠠᠶ ᠠᠵᠢᠯᠯᠠᠭᠠᠨ ᠤ ᠲᠥᠰᠦᠯ ᠢ ᠴᠢᠩᠭ᠎ᠠ ᠬᠡᠷᠡᠭᠵᠢᠭᠦᠯᠵᠦ᠂ ᠵᠢᠭᠤᠯᠴᠢᠯᠠᠭᠰᠠᠳ ᠤᠨ ᠪᠤᠴᠠᠬᠤ ᠭᠠᠵᠠᠷ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠭᠰᠠᠳ ᠪᠠ ᠡᠯ᠎ᠡ ᠲᠠᠯ᠎ᠠ ᠶᠢᠨ ᠬᠢᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ᠃ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠬᠢᠵᠢᠭ ᠢ ᠰᠡᠷᠭᠡᠶᠢᠯᠡᠬᠦ ᠺᠠᠳ᠋ᠷ ᠪᠣᠯᠤᠨ ᠰᠠᠶᠢᠨ ᠲᠤᠷᠠᠴᠤᠳ ᠵᠡᠷᠭᠡ ᠠᠵᠢᠯᠳᠠᠨ ᠤ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠳᠡᠨ ᠤ ᠢᠳᠡᠭᠡᠨ ᠤᠮᠳᠠᠭᠠᠨ᠂ ᠡᠭᠡᠯᠵᠢ ᠬᠠᠯᠠᠬᠤ᠂ ᠠᠮᠠᠷᠠᠬᠤ ᠵᠡᠷᠭᠡ ᠶᠢ ᠵᠣᠬᠢᠰᠲᠠᠢ ᠰᠠᠶᠢᠲᠤᠷ ᠲᠤᠬᠢᠷᠠᠭᠤᠯᠵᠤ᠂ ᠬᠠᠷᠢᠴᠠᠯᠠᠰᠢᠭᠦᠢ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠯ᠎ᠡ ᠲᠥᠷᠥᠯ ᠤᠨ ᠡᠬᠢ ᠪᠠᠶᠠᠯᠢᠭ ᠪᠣᠯᠤᠨ ᠡᠳ᠋ ᠪᠣᠳᠠᠰ ᠢ ᠭᠦᠢᠴᠡᠳ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠭᠦᠢᠴᠡᠳ ᠰᠠᠶᠢᠲᠤᠷ ᠬᠡᠷᠡᠭᠯᠡᠵᠦ᠂ ᠪᠢᠲᠡᠭᠦᠮᠵᠢᠯᠡᠨ ᠡᠵᠡᠮᠳᠡᠬᠦ᠂ ᠰᠠᠭᠤᠭᠠᠯᠢ ᠠᠷᠠᠳ ᠤᠨ ᠲᠣᠭᠤᠷᠢᠭ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠬᠠᠩᠭᠠᠯᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠡᠪᠦᠯ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠴᠢᠩᠭᠠᠳᠬᠠᠵᠤ᠂ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠪᠣᠯᠤᠨ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠰᠠᠶᠢᠲᠤᠷ ᠪᠠᠲᠤᠯᠠᠬᠤ ᠬᠡᠷᠡᠭᠲᠡᠶ᠃ ᠨᠡᠩ ᠴᠢᠩᠭ᠎ᠠ ᠪᠣᠳᠠᠲᠠᠢ ᠨᠠᠷᠢᠯᠢᠭ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠲᠤᠶᠢᠯ ᠤᠨ ᠨᠠᠷᠢᠨ ᠬᠢᠨᠠᠮᠠᠭᠠᠢ᠂ ᠲᠤᠶᠢᠯ ᠤᠨ ᠬᠠᠷᠢᠭᠤᠴᠠᠯᠭᠠᠲᠤ ᠣᠪᠣᠷ ᠢᠶᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠂ ᠪᠣᠳᠠᠲᠠᠶᠢᠵᠢᠭᠤᠯᠤᠭᠰᠠᠨ ᠥᠬᠡᠶ᠂ ᠠᠯᠪᠠ ᠬᠠᠰᠢᠵᠤ ᠠᠮᠠ ᠪᠥᠭᠯᠡᠭᠰᠡᠨ᠂ ᠰᠡᠷᠭᠡᠶᠢᠯᠡᠨ ᠡᠵᠡᠮᠳᠡᠬᠦ ᠡᠷᠴᠢᠮ ᠰᠤᠯᠠ ᠠᠴᠠ ᠪᠣᠯᠵᠣ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠡᠷᠡᠰ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

2.jpg

 

      ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠪᠤᠢ ᠴᠦ ᠮᠥᠨ ᠬᠦ ᠶᠡᠷᠦ ᠪᠤᠰᠤ ᠶᠢᠨ ᠴᠠᠭ ᠦᠶ᠎ᠡ᠂ ᠵᠠᠩᠭᠢᠯᠠᠭ᠎ᠠ ᠶᠢᠨ ᠴᠠᠭ ᠮᠥᠴᠡ ᠳᠤ ᠣᠷᠣᠰᠢᠵᠤ ᠪᠠᠶᠢᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠢᠪᠠ ᠳᠠᠷᠤᠯᠲᠠ ᠶᠢ ᠲᠤᠯᠵᠤ᠂ ᠬᠠᠮᠤᠭ ᠤᠨ ᠲᠥᠪ ᠴᠢᠩᠭ᠎ᠠ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠨᠢᠮᠪᠠᠢ ᠠᠷᠭ᠎ᠠ ᠬᠡᠮᠵᠢᠶ᠎ᠡ ᠠᠪᠴᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠂ ᠪᠣᠭᠤᠮᠲᠠ ᠶᠢ ᠴᠢᠩᠭ᠎ᠠ ᠰᠠᠬᠢᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠣᠨᠴᠠᠭᠠᠶᠢᠯᠠᠨ ᠠᠩᠬᠠᠷᠤᠯ ᠢᠶᠠᠨ ᠲᠥᠪᠯᠡᠷᠡᠭᠦᠯᠵᠦ ᠬᠥᠮᠦᠨ ᠢ ᠡᠷᠢᠵᠦ ᠣᠯᠬᠤ᠂ ᠬᠥᠮᠦᠨ ᠢ ᠬᠠᠮᠢᠶᠠᠷᠬᠤ᠂ ᠬᠤᠴᠤᠷᠭᠠᠵᠦ ᠠᠪᠤᠭᠰᠠᠨ ᠵᠢᠭᠤᠯᠴᠢᠯᠠᠭᠰᠠᠳ ᠲᠤ ᠦᠢᠯᠡᠴᠢᠯᠡᠭᠡ ᠪᠠᠲᠤᠯᠠᠭ᠎ᠠ ᠬᠠᠩᠭᠠᠬᠤ᠂ ᠣᠨᠣᠰᠢᠯᠠᠭᠰᠠᠨ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠵᠡᠷᠭᠡ ᠶᠢ ᠭᠤᠤᠯᠳᠠᠭᠤᠯᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ᠂ ᠠᠵᠢᠯ ᠢᠶᠠᠨ ᠣᠨᠣᠪᠴᠢᠲᠠᠶ ᠥᠷᠨᠢᠭᠦᠯᠦᠨ᠂ ᠪᠦᠬᠦ ᠬᠦᠴᠦᠨ ᠢᠶᠠᠷ ᠴᠢᠷᠮᠠᠶᠢᠨ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠭᠡᠯᠳᠡ ᠶᠢᠨ ᠳᠠᠶᠢᠯᠠᠯᠳᠤᠭᠠᠨ ᠤ ᠢᠯᠡᠯᠳᠡ ᠶᠢ ᠡᠷᠡᠰ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠳ᠋ᠢᠩ ᠰᠢᠦ ᠹᠧᠩ ᠵᠢᠯᠣᠭᠤᠳᠬᠤ ᠭᠠᠵᠠᠷ ᠲᠤ ᠬᠤᠷᠠᠯ ᠳᠤ ᠣᠷᠣᠯᠴᠠᠵᠤ᠂ ᠡᠸᠤ ᠶᠠᠩ ᠰᠢᠶᠤᠤ ᠬᠤᠶ᠂ ᠾᠧᠩ ᠰᠢᠶᠤᠤ ᠹᠠᠨ ᠡᠵᠡᠨ᠎ᠡ ᠬᠤᠰᠢᠭᠤᠨ ᠳᠤ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ