ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/10
     2021 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠰᠢᠨ᠎ᠡ  ᠨᠡᠮᠡᠭᠳᠡᠭᠰᠡᠨ ᠦᠭᠡᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ︶ ᠨᠡᠮᠡᠭᠳᠡᠪᠡ᠃ ᠥᠪᠦᠷ ᠮᠣᠩᠭᠤᠯ ᠣᠷᠤᠨ ᠳᠤ ᠲᠣᠳᠤᠯᠠᠭᠰᠠᠨ 22 ᠡᠪᠡᠳᠴᠢᠲᠡᠨ ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠᠨ ᠤ 2 ᠡᠪᠡᠳᠴᠢᠲᠡᠨ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ 20 ᠡᠪᠡᠳᠴᠢᠲᠡᠨ︶ ᠡᠷᠡᠭᠦᠯᠵᠢᠵᠦ ᠡᠮᠨᠡᠯᠭᠡ ᠠᠴᠠ ᠭᠠᠷᠴᠠᠢ᠃ ᠰᠢᠨ᠎ᠡ ᠨᠡᠮᠡᠭᠳᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠨᠠᠷᠢᠨ ᠪᠠᠶᠢᠳᠠᠯ᠄      ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ᠄ ᠡᠵᠡᠨ᠎ᠡ ᠬᠤᠰᠢᠭᠤᠨ ᠤ ᠲᠥᠪᠡᠯᠷᠡᠭᠦᠯᠦᠨ ᠲᠤᠰᠠᠭᠠᠷᠯᠠᠬᠤ ᠴᠡᠭ ᠲᠠᠬᠢ ᠬᠦᠮᠦᠰ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ᠠᠷᠭ᠎ᠠ ᠴᠢᠨᠠᠷ ᠢᠯᠡᠷᠡᠭᠰᠡᠨ ᠪᠥᠭᠡᠳ ᠲᠠᠬᠢᠨ ᠬᠠᠷᠭᠤᠭᠤᠯᠤᠭᠰᠠᠨ ᠳᠤ ᠮᠥᠨ ᠠᠷᠭ᠎ᠠ ᠴᠢᠨᠠᠷ ᠪᠠᠶᠢᠪᠠ᠃ ᠣᠳᠤᠬᠠᠨ ᠳᠤ ᠡᠪᠡᠳᠴᠢᠨ ᠤ ᠢᠯᠡᠷᠡᠯ ᠦᠭᠡᠢ᠂ CT ᠪᠠᠶᠢᠴᠠᠭᠠᠯᠲᠠ ᠶᠢᠨ ᠳ᠋ᠦᠩ ᠴᠤ ᠬᠡᠪ ᠤᠨ ᠪᠠᠶᠢᠳᠠᠯ ᠲᠠᠢ ᠪᠠᠶᠢᠨ᠎ᠠ᠃      2021 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7᠂ ᠥᠪᠦᠷ ᠮᠣᠩᠭᠤᠯ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 62 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠᠨ ᠳᠤ 5᠂ ᠣᠷᠳᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 56︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠪᠠᠶᠢᠨ᠎ᠠ᠃᠂ ᠪᠦᠬᠦ ᠡᠪᠡᠳᠴᠢᠲᠠᠳ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ