ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ B ᠲᠣᠭᠤᠷᠢᠭ ᠲᠤ᠂ ᠠᠰᠠᠷ ᠳᠡᠭᠡᠷ᠎ᠡ | ᠭᠠᠷᠤᠮᠠᠭᠴᠠ ᠢᠯᠡ ᠪᠠᠶᠢᠷᠢᠨ ᠳᠤ ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ︽ᠤᠴᠢᠷ ᠶᠠᠪᠤᠳᠠᠯ ᠭᠦᠢᠴᠡᠳᠬᠡᠬᠦ ᠳᠤ ᠤᠳᠠᠭᠠᠨ︾ ᠪᠠᠶᠢᠬᠤ ᠲᠤᠬᠠᠢ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠤᠰᠬᠠᠶ ᠴᠣᠩᠬᠤᠪᠴᠢ ᠶᠢ ᠣᠯᠵᠤ ᠬᠠᠷᠠᠳᠠᠭ᠂ ᠠᠳᠡ ᠠᠵᠢᠯᠲᠠᠳ ᠣᠯᠠᠨ ᠲᠦᠮᠡᠨ ᠤ ᠶᠡᠭᠡ ᠲᠢᠩᠬᠢᠮ ᠳᠤ | ᠤᠴᠢᠷ ᠶᠠᠪᠤᠳᠠᠯ ᠭᠦᠢᠴᠡᠳᠬᠡᠬᠦ ᠶᠠᠪᠤᠴᠠ ᠳᠤ ᠲᠣᠬᠢᠶᠠᠯᠳᠤᠭᠰᠠᠨ ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ︽ᠤᠴᠢᠷ ᠶᠠᠪᠤᠳᠠᠯ ᠭᠦᠢᠴᠡᠳᠬᠡᠬᠦ ᠳᠤ | ᠤᠳᠠᠭᠠᠨ︾ ᠪᠠᠶᠢᠬᠤ ᠠᠰᠠᠭᠤᠳᠠᠯ ᠢ ᠲᠤᠰᠬᠠᠶᠢᠯᠠᠨ ᠭᠥᠯᠢᠶᠡᠨ ᠠᠪᠴᠤ ᠰᠢᠢᠳᠪᠦᠷᠢᠯᠡᠳᠡᠭ᠃ | ︽ᠡᠨᠡ ᠬᠦ ᠴᠣᠩᠬᠤᠪᠴᠢ ᠨᠢ ᠭᠤᠣᠯᠳᠠᠭᠤ ᠣᠯᠠᠨ ᠲᠦᠮᠡᠨ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ ᠡᠯ᠎ᠡ ᠵᠦᠢᠯ ᠤᠨ | ᠭᠠᠷ ᠭᠦᠢᠴᠡᠳᠬᠡᠯ ᠬᠢᠬᠦ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠴᠠᠭ ᠲᠤᠬᠠᠶ ᠳᠤ ᠨᠢ ᠭᠦᠢᠴᠡᠳᠬᠡᠭᠰᠡᠨ ᠦᠭᠡᠶ᠂ | ᠭᠦᠢᠴᠡᠳᠬᠡᠵᠦ ᠳᠠᠭᠤᠰᠬᠠᠭᠰᠠᠨ ᠦᠭᠡᠶ᠂ ᠡᠰᠡᠬᠦᠯ᠎ᠡ ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠯᠠᠨᠲᠠ ᠬᠦᠷᠴᠦ ᠰᠢᠢᠳᠪᠦᠷᠢᠯᠡᠵᠦ | ᠳᠡᠶᠢᠯᠦᠭᠰᠡᠨ ᠦᠭᠡᠶ ᠪᠤᠶᠤ ᠭᠦᠢᠴᠡᠳᠬᠡᠭᠰᠡᠨ ᠴᠠᠭ ᠨᠢ ᠨᠡᠯᠢᠶᠡᠳ ᠤᠷᠲᠤ ᠵᠡᠷᠭᠡ ᠠᠰᠠᠭᠤᠳᠠᠯ ᠢ ᠰᠢᠢᠳᠪᠦᠷᠢᠯᠡᠨ᠎ᠡ︾ ᠭᠡᠵᠦ ᠬᠤᠳᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠠᠵᠢᠯᠳᠠᠨ ᠯᠢ ᠬᠤᠩ ᠬᠡᠯᠡᠪᠡ᠃ | ᠣᠶᠢᠯᠠᠭᠠᠭᠰᠠᠨ ᠢᠶᠠᠷ᠂ ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ︽ᠤᠴᠢᠷ ᠶᠠᠪᠤᠳᠠᠯ ᠭᠦᠢᠴᠡᠳᠬᠡᠬᠦ ᠳᠤ ᠤᠳᠠᠭᠠᠨ︾ ᠪᠠᠶᠢᠬᠤ ᠲᠤᠬᠠᠢ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ 10 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ ᠠᠵᠢᠯᠯᠠᠭᠤᠯᠪᠠ᠂ ᠡᠨᠡ ᠪᠣᠯ | ᠣᠲᠣ ᠶᠢᠨ ᠪᠠᠶᠢᠭ᠎ᠠ ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ᠪᠠᠶᠢᠬᠤ ᠲᠤᠬᠠᠢ ᠵᠠᠭᠠᠯᠳᠤᠯᠭ᠎ᠠ ᠶᠢᠨ ᠲᠠᠪᠴᠠᠩ ᠤᠨ ᠰᠠᠭᠤᠷᠢᠨ ᠳᠡᠭᠡᠷ᠎ᠡ᠂ ︽ᠣᠷᠳᠣᠰ | ᠬᠤᠲᠠ ᠶᠢᠨ ᠰᠤᠷᠲᠠᠯ ᠤᠨ ᠪᠠᠶᠢᠭᠤᠯᠤᠯᠲᠠ ᠶᠢᠨ ︿ᠤᠳᠠᠭᠠᠰᠢᠷᠠᠯ ᠰᠢᠷᠡᠭᠡ﹀ ᠤᠨ ᠲᠤᠬᠠᠶ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ | ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠪᠠᠶᠢᠭᠤᠯᠤᠭᠰᠠᠨ ᠶᠤᠮ᠃ ᠪᠥᠬᠦ ᠬᠤᠲᠠ ᠶᠢᠨ 9 ᠬᠤᠰᠢᠭᠤ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠴᠥᠮ ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ᠪᠠᠶᠢᠬᠤ ᠶᠢ | ᠲᠤᠰᠬᠠᠬᠤ ᠴᠣᠩᠬᠤᠪᠴᠢ ᠭᠠᠷᠭᠠᠵᠤ᠂ ᠣᠯᠠᠨ ᠲᠦᠮᠡᠨ᠂ ᠠᠵᠤ ᠠᠬᠤᠶᠢᠯᠠᠯ ᠤᠨ ᠶᠡᠭᠡ ᠲᠢᠩᠬᠢᠮ ᠳᠤ ᠤᠴᠢᠷ ᠶᠠᠪᠤᠳᠠᠯ ᠭᠦᠢᠴᠡᠳᠬᠡᠬᠦ ᠳᠤ ᠲᠣᠬᠢᠶᠠᠯᠳᠤᠭᠰᠠᠨ | ︽ᠬᠦᠴᠢᠷ ᠲᠦᠪᠡᠭᠲᠡᠶ ᠬᠡᠮ︾ ᠢ ᠢᠯᠡ ᠪᠠᠷ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠨ᠎ᠠ᠃ | ᠪᠠᠶᠠᠨᠨᠠᠭᠤᠷ ᠬᠤᠲᠠ ᠠᠴᠠ ᠢᠷᠡᠭᠰᠡᠨ ᠵᠣᠣ ᠠᠪᠤᠭᠠᠶ ᠭᠡᠷ ᠬᠥᠷᠥᠩᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶ᠎ᠡ ᠳᠤ ᠬᠦᠯᠢᠶᠡᠭᠰᠡᠨ ᠴᠠᠭ ᠨᠢ ᠤᠷᠲᠤ᠂ | ᠮᠠᠲ᠋ᠧᠷᠢᠶᠠᠯ ᠨᠢ ᠪᠦᠷᠢᠨ ᠪᠤᠰᠤ ᠪᠠᠶᠢᠭᠰᠠᠨ ᠪᠠᠶᠢᠳᠠᠯ ᠢᠶᠠᠨ ᠲᠤᠰᠬᠠᠭᠰᠠᠨ ᠤ ᠳᠠᠷᠠᠭ᠎ᠠ᠂ ᠠᠵᠢᠯᠲᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠯᠥ ᠬᠥᠳᠡᠯᠬᠦ | ᠬᠥᠷᠥᠩᠭᠡ ᠶᠢᠨ ᠴᠣᠩᠬᠤᠪᠴᠢ ᠶᠢ ᠢᠳᠡᠪᠬᠢᠲᠡᠶ ᠪᠠᠷ ᠵᠣᠬᠢᠴᠠᠭᠤᠯᠵᠤ᠂ ᠣᠷᠣᠯᠠᠨ ᠭᠦᠢᠴᠡᠳᠬᠡᠬᠦ᠂ ᠲᠤᠲᠠᠭᠤ ᠪᠠᠷ ᠨᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ | ᠬᠡᠯᠪᠡᠷᠢ ᠪᠠᠷ ᠲᠤᠰ ᠡᠳᠦᠷ ᠲᠤ ᠨᠢ ᠰᠢᠢᠳᠪᠦᠷᠢᠯᠡᠵᠦ ᠳᠠᠭᠤᠰᠬᠠᠵᠠᠶ᠃ ᠵᠣᠣ ᠠᠪᠤᠭᠠᠶ᠄ ︽ᠡᠶᠢᠮᠦ ᠴᠣᠩᠬᠤᠪᠴᠢ ᠲᠠᠢ ᠪᠣᠯᠤᠭᠰᠠᠨ ᠠᠴᠠ ᠬᠤᠶᠠᠷ ᠭᠠᠵᠠᠷ ᠭᠦᠶᠦᠬᠦ | ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠶᠤᠮ᠂ ᠪᠠᠰᠠ ᠪᠤᠰᠤᠳ ᠤᠨ ᠬᠠᠪᠰᠤᠷᠤᠯᠭ᠎ᠠ ᠲᠠᠢ ᠳᠦᠭᠦᠮᠬᠡᠨ ᠪᠣᠯᠵᠠᠶ᠂ ᠮᠠᠰᠢ ᠲᠠᠭᠠᠲᠠᠢ ᠪᠠᠶᠢᠨ᠎ᠠ︾ ᠭᠡᠵᠦ ᠬᠡᠯᠡᠪᠡ᠃ | ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ︽ᠤᠴᠢᠷ ᠶᠠᠪᠤᠳᠠᠯ ᠭᠦᠢᠴᠡᠳᠬᠡᠬᠦ ᠳᠤ ᠤᠳᠠᠭᠠᠨ︾ ᠪᠠᠶᠢᠬᠤ ᠲᠤᠬᠠᠢ ᠵᠠᠭᠠᠯᠳᠤᠯᠭ᠎ᠠ ᠶᠢ ᠬᠦᠯᠢᠶᠡᠨ | ᠠᠪᠴᠤ ᠰᠢᠢᠳᠪᠦᠷᠢᠯᠡᠬᠦ ᠴᠣᠩᠬᠤᠪᠴᠢ ᠶᠢᠨ ᠪᠠᠶᠢᠪᠠᠰᠤ ᠵᠣᠬᠢᠬᠤ ᠦᠢᠯᠡᠳᠦᠯ ᠢ ᠦᠨᠠᠨ ᠬᠦ ᠪᠠᠳᠠᠷᠠᠭᠤᠯᠵᠤ᠂ ᠵᠠᠭᠠᠯᠳᠤᠯᠭ᠎ᠠ ᠶᠢ ᠲᠤᠰᠬᠠᠬᠤ ᠠᠷᠭ᠎ᠠ ᠵᠠᠮ ᠢ ᠤᠯᠠᠮ | ᠴᠢᠨᠠᠭᠰᠢᠳᠠ ᠰᠢᠯᠤᠭᠤᠳᠬᠠᠵᠤ᠂ ᠣᠯᠠᠨ ᠲᠦᠮᠡᠨ ᠪᠣᠯᠤᠨ ᠠᠵᠤ ᠠᠬᠤᠶᠢᠯᠠᠯ ᠤᠨ ᠤᠴᠢᠷ ᠶᠠᠪᠤᠳᠠᠯ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ | ᠴᠠᠭ ᠲᠤᠬᠠᠶ ᠳᠤ ᠨᠢ ᠢᠯᠡᠷᠡᠭᠦᠯᠵᠦ ᠵᠣᠬᠢᠴᠠᠭᠤᠯᠤᠨ ᠰᠢᠢᠳᠪᠦᠷᠢᠯᠡᠬᠦ ᠶᠢᠨ ᠲᠤᠰᠠᠳᠠ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠶᠡᠭᠡ | ᠲᠢᠩᠬᠢᠮ ᠤᠨ ᠳ᠋ᠤᠭᠠᠷ ᠳᠠᠭᠤᠳᠠᠬᠤ ᠮᠠᠰᠢᠨ ᠤ ᠲᠦᠷᠦᠭᠦᠦ ᠨᠢᠭᠤᠷ ᠲᠤ ︽ᠤᠴᠢᠷ ᠶᠠᠪᠤᠳᠠᠯ ᠭᠦᠢᠴᠡᠳᠬᠡᠵᠦ ᠳᠡᠶᠢᠯᠬᠦ ᠦᠭᠡᠶ︾ ︽ᠤᠴᠢᠷ ᠶᠠᠪᠤᠳᠠᠯ ᠭᠦᠢᠴᠡᠳᠬᠡᠬᠦ ᠳᠤ | ᠤᠳᠠᠭᠠᠨ︾ ᠪᠠᠶᠢᠬᠤ ᠲᠤᠬᠠᠢ ᠵᠠᠭᠠᠯᠳᠤᠯᠭ᠎ᠠ ᠶᠢᠨ ᠳ᠋ᠤᠭᠠᠷ ᠳᠠᠭᠤᠳᠠᠬᠤ ᠦᠢᠯᠡᠴᠢᠯᠡᠭᠡ ᠲᠣᠬᠢᠷᠠᠭᠤᠯᠵᠤ᠂ ᠲᠥᠪ ᠤᠨ ᠪᠥᠬᠦ ᠺᠠᠳ᠋ᠷ ᠠᠵᠢᠯᠲᠠᠨ ᠠᠵᠢᠯᠴᠢᠨ ᠠᠵᠢᠯ ᠤᠨ | ᠪᠠᠶᠢᠷᠢ ᠳᠤ ᠡᠭᠡᠯᠵᠢᠯᠡᠨ ᠠᠵᠢᠯᠯᠠᠵᠤ᠂ ᠵᠠᠭᠠᠯᠳᠤᠯᠭ᠎ᠠ ᠶᠢ ᠭᠥᠯᠢᠶᠡᠨ ᠠᠪᠬᠤ ᠳᠤ ᠪᠠᠨ ᠣᠯᠠᠨ ᠲᠦᠮᠡᠨ ᠤ ᠵᠠᠭᠠᠯᠳᠤᠨ ᠲᠤᠰᠬᠠᠭᠰᠠᠨ ᠠᠰᠠᠭᠤᠳᠠᠯ ᠢ ᠲᠡᠷᠡ ᠳᠠᠷᠤᠢ ᠳᠤ ᠨᠢ | ᠰᠢᠢᠳᠪᠦᠷᠢᠯᠡᠵᠦ᠂ ᠬᠠᠮᠤᠭ ᠤᠨ ᠲᠡᠷᠢᠭᠦᠨ ᠳᠤ ᠣᠯᠠᠨ ᠲᠦᠮᠡᠨ ᠤ ᠵᠠᠭᠠᠯᠳᠤᠭᠰᠠᠨ ᠵᠦᠢᠯᠡᠰ ᠢ ᠬᠠᠷᠠᠭᠠᠯᠵᠠᠭᠰᠠᠨ ᠴᠣᠩᠬᠤᠪᠴᠢ ᠳᠤ ᠲᠤᠰᠬᠠᠵᠤ᠂ ᠬᠢᠨᠠᠯᠲᠠ ᠲᠠᠯᠪᠢᠵᠤ | ᠰᠢᠪᠠᠳᠠᠨ ᠱᠠᠭᠠᠷᠳᠠᠵᠤ ᠪᠠᠶᠢᠭᠠᠳ ᠵᠠᠭᠠᠯᠳᠤᠭᠰᠠᠨ ᠵᠦᠢᠯᠡᠰ ᠢ ᠴᠠᠭ ᠬᠢᠵᠠᠭᠠᠷᠯᠠᠨ ᠰᠢᠢᠳᠪᠦᠷᠢᠯᠡᠭᠦᠯᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ | ᠵᠠᠭᠠᠯᠳᠤᠭᠰᠠᠨ ᠣᠯᠠᠨ ᠲᠦᠮᠡᠨ ᠳᠤ ᠴᠠᠭ ᠲᠤᠬᠠᠶ ᠳᠤ ᠨᠢ ᠬᠠᠷᠢᠭᠤ ᠲᠤᠰᠬᠠᠵᠤ ᠥᠭᠳᠡᠭ ᠪᠣᠯᠵᠠᠢ᠃ ᠤᠴᠢᠷ ᠶᠠᠪᠤᠳᠠᠯ ᠢ ᠭᠦᠢᠴᠡᠳᠬᠡᠵᠦ ᠳᠠᠭᠤᠰᠬᠠᠭᠰᠠᠨ ᠤ ᠳᠠᠷᠠᠭ᠎ᠠ | ᠦᠢᠯᠡᠴᠢᠯᠡᠬᠦ ᠣᠪᠣᠷ᠂ ᠠᠵᠢᠯ ᠤᠨ ᠦᠷ᠎ᠡ ᠪᠦᠲᠦᠮᠵᠢ᠂ ᠭᠦᠢᠴᠡᠳᠬᠡᠭᠰᠡᠨ ᠦᠷ᠎ᠡ ᠳ᠋ᠦᠩ᠂ ᠠᠷᠢᠭᠤᠨ ᠴᠢᠬᠡᠴᠢ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠵᠡᠷᠭᠡ | ᠲᠠᠯ᠎ᠠ ᠪᠠᠷ ᠲᠤᠰᠬᠠᠭᠰᠠᠳ ᠲᠠᠢ ᠤᠲᠠᠰᠤ ᠪᠠᠷ ᠬᠠᠷᠢᠯᠴᠠᠨ ᠰᠤᠷᠪᠤᠯᠵᠢᠯᠠᠭ᠎ᠠ ᠬᠢᠵᠦ᠂ ᠣᠯᠠᠨ ᠲᠦᠮᠡᠨ ᠬᠠᠨᠤᠮᠵᠢ ᠥᠬᠡᠶ ᠳᠤ ᠨᠢ᠂ ᠬᠠᠷᠠᠭᠠᠯᠵᠠᠭᠰᠠᠨ ᠴᠣᠩᠬᠤᠪᠴᠢ ᠶᠢ | ᠰᠢᠮᠳᠠᠭᠤᠯᠤᠨ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠲᠠᠯ᠎ᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠠᠢ᠃ ᠡᠭᠦᠨ ᠤ ᠬᠠᠮᠲᠤ᠂ ᠣᠯᠠᠨ ᠲᠦᠮᠡᠨ ᠤ | ᠵᠠᠭᠠᠯᠳᠤᠯᠭ᠎ᠠ ᠶᠢᠨ ᠠᠰᠠᠭᠤᠳᠠᠯ ᠤᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠣᠯᠠᠨ ᠲᠦᠮᠡᠨ ᠤ ᠲᠤᠰᠬᠠᠭᠰᠠᠨ ᠦᠨᠳᠦᠷ ᠳᠠᠪᠲᠠᠮᠵᠢᠲᠤ ᠠᠰᠠᠭᠤᠳᠠᠯ᠂ ᠨᠡᠶᠢᠲᠡᠯᠢᠭ | ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠶᠡᠭᠡ ᠲᠢᠩᠬᠢᠮ ᠳᠤ ᠰᠠᠭᠤᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠤᠨ᠂ ᠲᠦᠷᠢᠮ᠂ | ᠲᠣᠭᠲᠠᠴᠠ ᠶᠢᠨ ᠲᠠᠯ᠎ᠠ ᠠᠴᠠ ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠᠬᠢ ᠲᠦᠭᠵᠢᠷᠡᠯ ᠤᠨ ᠴᠡᠭ᠂ ᠰᠠᠭᠠᠳ ᠴᠡᠭ ᠤᠨ | ᠠᠰᠠᠭᠤᠳᠠᠯ ᠢ ᠲᠠᠰᠤᠷᠠᠯᠲᠠ ᠥᠬᠡᠶ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠢ ᠪᠠᠶᠠᠷ ᠬᠦᠷ ᠲᠠᠢ ᠢᠷᠡᠵᠦ᠂ ᠰᠡᠳᠬᠢᠯ ᠬᠠᠨᠤᠮᠵᠢᠲᠠᠶ ᠪᠤᠴᠠᠭᠠᠬᠤ ᠪᠠᠷ | ᠴᠢᠷᠮᠠᠶᠢᠵᠤ ᠪᠠᠶᠢᠨ᠎ᠠ᠃ |