| ᠡᠨᠡ ᠵᠢᠯ ᠠᠴᠠ ᠨᠠᠰᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠰᠢᠨ ᠶᠤᠸᠠᠨ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ | ᠪᠣᠯᠭᠠᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠪᠠᠷ ᠬᠠᠷᠠᠯᠲᠠ ᠪᠣᠯᠭᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠠ ᠠᠷᠠᠳ ᠲᠦᠮᠡᠨ ᠳᠤ | ᠦᠶᠯᠡᠴᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠰᠢᠨ᠎ᠡ | ᠪᠠᠶᠢᠷᠢᠰᠢᠯ ᠢ ᠴᠢᠷᠮᠠᠶᠢᠨ ᠪᠠᠶᠢᠭᠤᠯᠵᠤ ᠪᠤᠢ᠃ | ᠰᠢᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠮᠲᠤ ᠪᠠᠷ ᠬᠠᠮᠵᠢᠯᠴᠠᠨ ᠵᠠᠰᠠᠬᠤ᠂ ᠣᠯᠠᠨ ᠲᠦᠮᠡᠨ ᠳᠤ ᠦᠶᠯᠡᠴᠢᠯᠡᠬᠦ ᠪᠠᠷ ᠠᠵᠢᠯ ᠤᠨ | ᠰᠡᠳᠬᠢᠴᠡ ᠪᠣᠯᠭᠠᠵᠤ᠂ ᠶᠡᠷᠦᠩᠬᠡᠶᠢᠯᠡᠨ ᠵᠠᠰᠠᠬᠤ ᠠᠯᠪᠠᠨ ᠬᠡᠷ᠂ ᠬᠠᠤᠯᠢ ᠴᠠᠭᠠᠵᠠ ᠶᠢᠨ ᠭᠠᠵᠠᠷ᠂ ᠴᠠᠭᠳᠠᠭᠠᠨ ᠤ ᠶᠠᠪᠤᠳᠠᠯ ᠤᠨ ᠠᠵᠢᠯ ᠤᠨ ᠲᠠᠰᠤᠭ ᠵᠡᠷᠭᠡ ᠡᠬᠢ | ᠪᠠᠶᠠᠯᠢᠭ ᠤᠳ ᠢ ᠬᠠᠮᠲᠤᠷᠠᠭᠤᠯᠤᠨ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠬᠡᠷ ᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠨᠢᠭᠡ | ᠥᠷᠲᠡᠭᠡ ᠮᠠᠶ᠋ᠢᠭ ᠤᠨ ᠦᠶᠯᠡᠴᠢᠯᠡᠭᠡ ᠶᠢ ᠬᠠᠩᠭᠠᠵᠤ᠂ ︽1445︾ ᠠᠵᠢᠯ ᠤᠨ ᠵᠠᠭᠪᠤᠷ ᠢ ᠬᠡᠷᠡᠭᠵᠢᠭᠦᠯᠪᠡ᠂ ᠲᠤᠬᠠᠶᠢᠯᠠᠪᠠᠯ ᠨᠡᠶᠢᠭᠡᠮ ᠲᠣᠭᠤᠷᠢᠭ ᠤᠨ ᠨᠠᠮ ᠤᠨ | ᠬᠤᠷᠢᠶ᠎ᠠ ᠶᠢᠨ ᠭᠤᠤᠯᠯᠠᠭᠴᠢ ᠦᠶᠯᠡᠳᠦᠯ ᠢ ᠴᠢᠩᠭᠠᠳᠬᠠᠵᠤ᠂ ᠳᠥᠷᠪᠡᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠠᠮᠲᠤᠷᠠᠭᠤᠯᠤᠨ᠂ ︽ᠳᠥᠷᠪᠡᠨ ᠪᠦᠷᠢᠨ ᠠᠵᠢᠯ | ᠤᠨ ᠠᠷᠭ᠎ᠠ︾ ᠶᠢ ᠬᠡᠷᠡᠭᠵᠢᠭᠦᠯᠵᠦ᠂ ︽ᠲᠠᠪᠤ ᠶᠢ ᠵᠠᠰᠠᠬᠤ ᠶᠢᠨ ᠠᠭᠤᠰᠤᠯᠴᠠᠯ︾ ᠢ ᠠᠭᠢᠭᠤᠯᠵᠠᠢ᠃ ᠰᠠᠭᠤᠭᠠᠯᠢ ᠠᠷᠠᠳ ᠲᠤ ︽ᠳᠠᠭᠤᠳᠠᠮᠠᠭᠴᠠ ᠬᠦᠷᠬᠦ᠂ | ᠳᠠᠷᠤᠮᠠᠭᠴᠠ ᠨᠡᠪᠲᠡᠷᠡᠬᠦ᠂ ᠨᠢᠭᠡ ᠯᠠ ᠳᠤᠤᠭᠠᠷᠪᠠᠯ ᠨᠡᠶᠢᠲᠡ ᠪᠠᠷ ᠳᠠᠭᠠᠬᠤ︾ ᠳᠥᠭᠦᠮ ᠦᠶᠯᠡᠴᠢᠯᠡᠭᠡ ᠬᠠᠩᠭᠠᠵᠤ ᠪᠠᠶᠢᠨ᠎ᠠ᠃ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠡᠭᠦᠷ ᠢ ᠲᠣᠣᠷ ᠰᠦᠯᠵᠢᠶᠡᠨ ᠳᠡᠭᠡᠷ᠎ᠡ ᠪᠠᠶᠢᠭᠤᠯᠵᠤ᠂ ︽ᠬᠠᠶᠢᠨᠠᠨ ᠲᠣᠭᠤᠷᠢᠭ ᠤᠨ ᠨᠠᠮ | ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠲᠣᠣᠷᠵᠢᠭᠤᠯᠤᠭᠰᠠᠨ ᠵᠠᠰᠠᠯᠲᠠ ᠶᠢᠨ ᠠᠵᠢᠯ ᠢ ᠬᠦᠳᠦᠯᠦᠨ ᠳᠠᠭᠠᠭᠤᠯᠬᠤ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠨᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠰᠠᠭᠤᠭᠠᠯᠢ ᠠᠷᠠᠳ ᠤᠨ ᠨᠠᠮ | ᠤᠨ ᠡᠭᠦᠷ᠂ ᠠᠰᠠᠷ ᠤᠨ ᠨᠠᠮ ᠤᠨ ᠳᠤᠭᠤᠶᠢᠯᠠᠩ ᠢᠶᠠᠷ ᠪᠦᠷᠢᠯᠳᠦᠭᠰᠡᠨ ︽ᠭᠤᠷᠪᠠᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ︾ ᠢᠶᠠᠷ ᠰᠠᠭᠤᠷᠢ ᠪᠣᠯᠭᠠᠵᠤ᠂ | ᠬᠠᠷᠢᠶ᠎ᠠ ᠲᠣᠭᠤᠷᠢᠭ ᠢᠶᠠᠨ 15 ᠲᠣᠤᠷᠵᠢᠯ ᠪᠣᠯᠭᠠᠨ ᠬᠤᠪᠢᠶᠠᠬᠤ ᠶᠢᠨ ᠬᠠᠮᠲᠤ 3 ᠲᠣᠤᠷᠵᠢᠯ ᠤᠨ ᠨᠠᠮ ᠤᠨ ᠡᠭᠦᠷ᠂ 15 ᠨᠠᠮ ᠤᠨ ᠳᠤᠭᠤᠶᠢᠯᠠᠩ ᠢ ᠪᠠᠶᠢᠭᠤᠯᠤᠭᠠᠳ᠂ | ︽ᠰᠠᠭᠤᠭᠠᠯᠢ ᠠᠷᠠᠳ ᠤᠨ ᠨᠠᠮ ᠤᠨ ᠡᠭᠦᠷ — ᠠᠰᠠᠷ ᠤᠨ ᠨᠠᠮ ᠤᠨ ᠳᠤᠭᠤᠶᠢᠯᠠᠩ — ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ︾ ᠪᠠᠷ ᠴᠥᠮ᠎ᠡ | ᠪᠣᠯᠭᠠᠭᠰᠠᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ | ᠬᠠᠮᠢᠶᠠᠷᠤᠯᠲᠠ ᠶᠢ ᠲᠣᠤᠷᠵᠢᠯ ᠨᠢᠭᠡᠪᠦᠷᠢ ᠳᠤ ᠬᠦᠷᠭᠡᠨ᠂ ᠨᠢᠭᠡ ᠲᠠᠰᠤᠯᠪᠤᠷᠢ ᠣᠯᠠᠨ ᠡᠰᠢᠵᠢᠯ ᠲᠠᠢ᠂ ᠡᠰᠢᠵᠢᠯ ᠪᠦᠷᠢ ᠣᠯᠠᠨ ᠴᠢᠳᠠᠮᠵᠢ ᠲᠠᠢ᠂ ᠨᠢᠭᠡ ᠠᠵᠢᠯ ᠤᠨ | ᠪᠠᠶᠢᠷᠢ ᠳᠤ ᠣᠯᠠᠨ ᠬᠠᠷᠢᠭᠤᠴᠠᠯᠭ᠎ᠠ ᠲᠠᠢ ᠪᠠᠶᠢᠯᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ | ᠰᠠᠭᠤᠭᠠᠯᠢ ᠠᠷᠠᠳ ᠲᠤ ᠨᠠᠷᠢᠯᠢᠭ ᠦᠶᠯᠡᠴᠢᠯᠡᠭᠡ ᠬᠠᠩᠭᠠᠵᠤ ᠪᠠᠶᠢᠨ᠎ᠠ᠃ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾ | ᠲᠤᠤᠷᠴᠢᠯᠠᠭᠰᠠᠨ ᠦᠶᠯᠡᠴᠢᠯᠡᠭᠡ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ | ᠤᠨ ᠵᠠᠰᠠᠯᠲᠠ ᠶᠢᠨ ︽ᠵᠠᠯᠠᠭᠤᠷ︾ ᠢ ᠰᠠᠶᠢᠲᠤᠷ ᠡᠵᠡᠮᠳᠡᠪᠡ᠃ ᠲᠣᠤᠷᠵᠢᠯ ᠤᠨ ᠠᠵᠢᠯᠲᠠᠳ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠩᠭᠤ ᠪᠠᠶᠢᠴᠠᠭᠠᠨ᠂ ᠡᠷᠦᠬᠡ ᠳᠤ | ᠬᠦᠷᠴᠦ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠬᠤᠷᠢᠶᠠᠯᠠᠯ ᠢ ᠴᠠᠭᠳᠠᠨ ᠪᠠᠶᠢᠴᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠤᠬᠠᠭᠤᠯᠭ᠎ᠠ ᠬᠢᠵᠦ᠂ ᠬᠠᠤᠯᠢ ᠴᠠᠭᠠᠵᠠ ᠶᠢᠨ ᠲᠤᠰᠠᠯᠠᠮᠵᠢ ᠬᠦᠰᠡᠭᠰᠡᠨ ᠰᠠᠭᠤᠭᠠᠯᠢ ᠠᠷᠠᠳ ᠲᠤ ᠲᠤᠰᠠᠯᠠᠵᠤ᠂ ᠮᠡᠳᠡᠭᠡ ᠵᠠᠩᠭᠢ ᠶᠢᠨ ᠵᠢᠭᠰᠠᠭᠠᠯ ᠤᠨ ᠭᠠᠵᠠᠷ ᠢ | ᠠᠭᠤᠰᠤᠯᠴᠠᠭᠤᠯᠬᠤ᠂ ᠰᠣᠶᠣᠯ ᠤᠨ ᠦᠶᠯᠡᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠬᠦᠷᠲᠡᠬᠦ ᠵᠡᠷᠭᠡ ᠠᠷᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠠᠵᠢᠯᠯᠠᠵᠤ | ᠪᠠᠶᠢᠭ᠎ᠠ ᠨᠠᠮ ᠤᠨ ᠭᠡᠰᠢᠭᠦᠳ ᠪᠠ ᠠᠵᠢᠯ ᠠᠴᠠ ᠠᠮᠠᠷᠠᠭᠰᠠᠨ ᠠᠬᠠᠮᠠᠳ ᠨᠠᠮ ᠤᠨ ᠭᠡᠰᠢᠭᠦᠳ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠬᠤᠷᠢᠶᠠᠯᠠᠯ ᠳᠤ | ᠰᠠᠭᠤᠭ᠎ᠠ ᠨᠢᠭᠡᠴᠢ ᠪᠠ ᠳᠠᠭᠠᠭᠠᠴᠢᠯᠠᠨ ᠬᠠᠷᠢᠯᠴᠠᠬᠤ ᠨᠢᠭᠡᠴᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠪᠦᠷᠢᠯᠳᠦᠬᠦᠨ ᠲᠠᠢ ᠬᠠᠮᠲᠤᠷᠠᠨ ᠰᠠᠶᠢᠨ ᠳᠤᠷ᠎ᠠ ᠶᠢᠨ | ᠦᠶᠯᠡᠴᠢᠯᠡᠭᠡ ᠳᠤ ᠣᠷᠤᠯᠴᠠᠬᠤ ᠶᠢ ᠨᠢ ᠵᠣᠷᠢᠭᠵᠢᠭᠤᠯᠬᠤ ᠶᠢᠨ ᠬᠠᠮᠲᠤ᠂ ᠨᠠᠮ ᠤᠨ ᠭᠡᠰᠢᠭᠦᠳ ᠪᠦᠬᠦᠨ ᠢ ᠠᠵᠢᠯ ᠲᠥᠷᠥᠯ ᠤᠨ ᠢᠯᠭᠠᠯ᠂ ᠨᠢᠭᠡᠴᠢ ᠰᠠᠯᠠᠭ᠎ᠠ ᠮᠥᠴᠢᠷ᠂ | ᠳᠤᠷ᠎ᠠ ᠪᠠᠬ᠎ᠠ ᠶᠢ ᠨᠢ ᠦᠨᠳᠦᠰᠦᠯᠡᠨ ᠨᠡᠶᠢᠭᠡᠮ ᠲᠣᠭᠤᠷᠢᠭ ᠤᠨ 6 ᠰᠠᠶᠢᠨ ᠳᠤᠷ᠎ᠠ ᠶᠢᠨ ᠦᠶᠯᠡᠴᠢᠯᠡᠭᠡᠨ ᠤ ᠡᠩᠨᠡᠭᠡ ᠳᠤ ᠬᠤᠪᠢᠶᠠᠨ ᠣᠷᠤᠭᠤᠯᠵᠤ᠂ ᠣᠯᠠᠨ ᠲᠦᠮᠡᠨ ᠤ | ᠬᠦᠰᠡᠯ ᠢ ᠴᠤᠭᠯᠠᠭᠤᠯᠬᠤ ᠶᠠᠪᠤᠳᠠᠯ ᠢ ᠨᠠᠮ ᠤᠨ ᠭᠡᠰᠢᠭᠦᠳ ᠲᠤ ᠳᠠᠭᠠᠯᠭᠠᠵᠤ᠂ ︽ᠲᠣᠤᠷ ᠲᠤ ᠲᠠᠰᠤᠯᠪᠦᠷᠢ ᠲᠠᠢ᠂ ᠲᠠᠰᠤᠯᠪᠤᠷᠢ ᠪᠦᠷᠢ ᠳᠤ ᠠᠵᠢᠯᠲᠠᠨ ᠲᠠᠢ᠂ | ᠠᠵᠢᠯᠲᠠᠳ ᠲᠠᠰᠤᠯᠪᠤᠷᠢ ᠳᠤ ᠠᠵᠢᠯᠯᠠᠵᠤ᠂ ᠠᠵᠢᠯ ᠶᠠᠪᠤᠳᠠᠯ ᠢ ᠲᠠᠰᠤᠯᠪᠤᠷᠢ ᠳᠤ ᠰᠢᠢᠳᠪᠦᠷᠢᠯᠡᠬᠦ︾ ᠲᠣᠣᠷᠴᠢᠯᠠᠭᠰᠠᠨ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ | ᠬᠠᠷᠢᠶ᠎ᠠ ᠣᠷᠣᠨ ᠤ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤ ᠨᠢ ᠰᠢᠢᠳᠪᠦᠷᠢᠯᠡᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ | ᠨᠠᠷᠢᠯᠢᠭᠵᠢᠭᠤᠯᠤᠭᠰᠠᠨ ᠲᠣᠣᠷ ᠰᠦᠯᠵᠢᠶᠡᠨ ᠤ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠥᠨᠴᠥᠭ | ᠪᠤᠯᠤᠩ ᠪᠦᠷᠢ ᠳᠤ ᠨᠠᠮ ᠤᠨ ᠭᠡᠰᠢᠭᠦᠳ ᠲᠠᠢ ᠪᠠᠶᠢᠯᠭᠠᠵᠤ᠂ ᠭᠠᠵᠠᠷ ᠪᠦᠬᠦᠨ ᠳᠤ ︽ᠬᠤᠪᠢᠰᠬᠠᠯᠲᠤ︾ ᠦᠶᠯᠡᠴᠢᠯᠡᠭᠡ ᠲᠠᠢ ᠪᠠᠶᠢᠬᠤ ᠶᠢ ᠪᠡᠶᠡᠯᠡᠭᠦᠯᠵᠦ ᠪᠤᠢ᠃ | |