|
ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2021/11/11
|
|
11 ᠳ᠋ᠦ᠋ᠭᠡᠷ ᠰᠠᠷ᠎ᠠ ᠶᠢᠨ 10 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ16 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 1᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 14︶ ᠡᠷᠡᠭᠦᠯᠵᠢᠵᠦ ᠡᠮᠨᠡᠯᠭᠡ ᠠᠴᠠ ᠭᠠᠷᠪᠠ᠃ 11 ᠳ᠋ᠦ᠋ᠭᠡᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 46 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 4᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 42︶᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 1 ︵ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠣᠶ︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|