ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/12
      11 ᠳ᠋ᠦ᠋ᠭᠡᠷ ᠰᠠᠷ᠎ᠠ ᠶᠢᠨ 11 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠥᠬᠡᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 2 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 ᠡᠪᠡᠳᠴᠢᠨ ᠤ ᠵᠢᠱᠢᠶ᠎ᠡ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠲᠣᠳᠣᠯᠠᠭᠰᠠᠨ 14 ᠡᠪᠡᠳᠴᠢᠨ ᠤ ᠵᠢᠱᠢᠶ᠎ᠡ ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 3᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 11︶ ᠡᠷᠡᠭᠦᠯᠵᠢᠵᠦ ᠡᠮᠨᠡᠯᠭᠡ ᠠᠴᠠ ᠭᠠᠷᠪᠠ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢᠳ ᠤᠨ ᠨᠠᠷᠢᠨ ᠪᠠᠶᠢᠳᠠᠯ ᠨᠢ ᠳᠣᠣᠷᠠᠬᠢ ᠮᠡᠲᠦ᠄      ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢᠳ ᠴᠥᠮ ᠡᠵᠡᠨ᠎ᠡ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠰᠠᠨ ᠳᠤ ᠮᠥᠨ ᠠᠷᠭ᠎ᠠ ᠴᠢᠨᠠᠷ ᠢᠯᠡᠷᠡᠪᠡ᠃ ᠣᠳᠣᠬᠠᠨ ᠳᠤ ᠡᠮᠴᠢᠯᠡᠭᠡᠨ ᠤ ᠢᠯᠡᠷᠡᠯ ᠪᠠᠶᠢᠬᠤ ᠦᠭᠡᠢ᠂ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃      11 ᠳ᠋ᠦ᠋ᠭᠡᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 32 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 31︶ ᠪᠠᠶᠢᠨ᠎ᠠ᠃ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠳᠠᠭᠴᠢ 3 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠪᠠᠶᠢᠨ᠎ᠠ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ