ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠡᠬᠢᠯᠡᠪᠡ  ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/11/15
      11 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠬᠦᠬᠡᠬᠤᠳᠠ ᠳᠤ ᠡᠬᠢᠯᠡᠭᠰᠡᠨ ᠪᠦᠭᠡᠳ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠡᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠳᠤ 62 ᠪᠦᠷᠢᠯᠳᠦᠬᠦᠨ ᠲᠠᠢ᠂ 54 ᠬᠦᠮᠦᠨ ᠲᠤᠰ ᠤᠳᠠᠭᠠᠨ ᠤ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃

1.jpg

      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠵᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ ᠯᠢᠶᠠᠨ ᠰᠸ᠂ ᠵᠠᠩ ᠶᠤᠸᠠᠨ ᠵᠥᠩ᠂ ᠾᠧ ᠶᠠᠨ

ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠡᠶᠢᠩᠭᠤ ᠶᠢᠨ ᠬᠤᠷᠢᠶᠠᠨ ᠤ ᠬᠡᠰᠢᠬᠦᠳ ᠬᠤᠷᠠᠯ ᠳᠤ ᠣᠷᠣᠯᠴᠠᠵᠠᠶ᠃ ᠦᠪᠡᠷᠳᠡᠭᠡᠨ ᠵᠠᠰᠠᠬᠤ ᠤᠷᠤᠨ

 ᠤ ᠲᠡᠳ᠋ ᠲᠡᠷᠢᠬᠦᠯᠡᠭᠴᠢ ᠠᠢ ᠯᠢ ᠬᠤᠸ᠋ᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂

ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃

2.jpg

 

      ᠬᠤᠷᠠᠯ ᠤᠨ ᠵᠦᠪᠯᠡᠬᠦ ᠵᠤᠶᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠠᠶ ᠯᠢ ᠬᠤᠸᠠ ᠶᠢᠨ ᠬᠢᠭᠰᠡᠨ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ

ᠪᠠᠭᠤᠯᠭᠠᠬᠤ ᠪᠠᠷ ᠲᠡᠪᠰᠢᠬᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠶᠢᠯᠠᠯᠳᠠ᠂ ᠯᠢᠶᠠᠨ ᠰᠸ ᠶᠢᠨ ᠬᠢᠭᠰᠡᠨ ᠲᠤᠰᠢᠶᠠᠯ ᠳᠤ ᠲᠣᠮᠢᠯᠠᠵᠤ

ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ

ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶︾ ᠶᠢᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃

      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋

ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ

ᠬᠠᠮᠢᠶᠠᠷᠤᠯᠳᠠ ᠶᠢᠨ ᠲᠦᠷᠢᠮ ︵ᠲᠥᠰᠦᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠬᠦᠯᠦᠯᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠪᠢᠯᠢᠭᠭᠦᠦ ᠶᠢᠨ ᠬᠢᠭᠰᠡᠨ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠦᠷᠢᠮ ︵ᠲᠥᠰᠦᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ

ᠮᠡᠳᠡᠬᠦᠯᠦᠯᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ

ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ

ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠬᠦᠯᠦᠯᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠸ ᠴᠦᠨ ᠵᠢᠶᠧ ᠶᠢᠨ ᠬᠢᠭᠰᠡᠨ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠤᠭ ᠤᠨ ᠬᠠᠤᠯᠢ﹀ ᠶᠢ ᠬᠡᠷᠡᠭᠵᠢᠭᠦᠯᠬᠦ ᠨᠥᠬᠦᠪᠥᠷᠢ

ᠲᠣᠭᠲᠠᠭᠠᠯ︾ ᠢ ᠬᠦᠴᠦᠨ ᠥᠬᠡᠶ ᠪᠣᠯᠭᠠᠬᠤ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ

ᠭᠡᠰᠢᠭᠦᠨ ᠰᠦᠨ ᠸᠧᠢ ᠳ᠋ᠦᠩ ᠤᠨ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠤᠨᠤᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠳᠠᠷᠤᠭ᠎ᠠ ᠸᠠᠩ ᠶᠢᠨ ᠪᠤᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠲᠦᠷᠢᠮ ︵ᠲᠥᠰᠦᠯ︶︾ ᠤᠨ ᠲᠤᠬᠠᠢ ᠲᠤᠳᠤᠷᠬᠠᠶᠢᠯᠠᠯᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ᠋ᠶ ᠶᠢᠨ ᠬᠤᠸᠠ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠪᠠᠷᠢᠮᠵᠢᠶᠠᠵᠢᠭᠤᠯᠤᠯᠲᠠ ᠶᠢᠨ ᠲᠦᠷᠢᠮ ︵ᠲᠥᠰᠦᠯ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ

ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠢ ᠲᠤᠳᠤᠷᠬᠠᠶᠢᠯᠠᠯᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ

ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠧᠩ ᠷᠧᠨ ᠹᠧᠶ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ ︵ᠵᠠᠰᠠᠨ ᠲᠤᠬᠳᠠᠭᠠᠬᠰᠠᠨ ᠲᠦᠰᠦᠯ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠢ ᠲᠤᠳᠤᠷᠬᠠᠶᠢᠯᠠᠯᠳᠠ᠂ ᠥᠪᠡᠷᠲᠡᠭᠡᠨ ᠵᠠᠰᠠᠬᠤ

ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠬᠤᠤ ᠶᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠣᠶ ᠮᠣᠳᠣᠨ ᠤ ᠦᠷ᠎ᠡ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠦᠰᠦᠯ︶︾ ᠤᠨ ᠲᠤᠬᠠᠢ ᠲᠤᠳᠤᠷᠬᠠᠶᠢᠯᠠᠯᠳᠠ᠂ ᠥᠪᠡᠷᠲᠡᠭᠡᠨ ᠵᠠᠰᠠᠬᠤ ᠣᠷᠣᠨ ᠤ ᠬᠠᠤᠯᠢ

ᠴᠠᠭᠠᠵᠠ ᠶᠢᠨ ᠲᠢᠩᠬᠢᠮ ᠤᠨ ᠳᠠᠷᠤᠭ᠎ᠠ ᠪᠠᠶ ᠶᠦᠩ ᠫᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠯᠡᠳᠬᠦᠨ ᠤ ᠶᠠᠰᠤ ᠴᠢᠨᠠᠷ ᠤᠨ

ᠬᠢᠨᠠᠯᠲᠠ ᠬᠠᠮᠢᠶᠠᠷᠤᠯᠲᠠ ᠶᠢᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ 10 ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠢ ᠲᠤᠳᠤᠷᠬᠠᠶᠢᠯᠠᠯᠳᠠ

 ᠶᠢ ᠰᠤᠨᠤᠰᠪᠠ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠬᠡᠰᠡᠭ ᠠᠶᠢᠮᠠᠭ ᠤᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ

ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ

ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

      ᠬᠤᠷᠠᠯ ᠤᠨ ᠳᠠᠷᠠᠭ᠎ᠠ᠂ ᠣᠷᠣᠨ ᠨᠤᠲᠤᠭ ᠤᠨ ᠴᠢᠨᠠᠷᠲᠠᠶ ᠬᠡᠰᠡᠭ ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠪᠠ ᠣᠷᠣᠨ ᠨᠤᠲᠤᠭ ᠤᠨ ᠴᠢᠨᠠᠷᠲᠠᠶ ᠬᠡᠰᠡᠭ

ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠲᠣᠭᠲᠠᠭᠠᠯ᠂ ᠣᠷᠣᠨ ᠨᠤᠲᠤᠭ ᠤᠨ ᠴᠢᠨᠠᠷᠲᠠᠶ ᠬᠡᠰᠡᠭ ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ᠂ ᠬᠥᠯᠥᠨ ᠪᠣᠶᠢᠷ ᠬᠤᠲᠠ ᠶᠢᠨ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ

ᠳᠦᠷᠢᠮ ᠪᠠ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠬᠠᠮᠠᠭᠠᠯᠠᠨ ᠬᠠᠮᠢᠶᠠᠷᠬᠤ ᠳᠦᠷᠢᠮ᠂ ᠲᠦᠩᠯᠢᠶᠣᠤ

ᠬᠤᠲᠠ ᠶᠢᠨ ᠮᠣᠩᠭᠤᠯ ᠡᠮ ᠢ ᠬᠠᠮᠠᠭᠠᠯᠠᠨ ᠬᠥᠭᠵᠢᠭᠦᠯᠬᠦ ᠳᠦᠷᠢᠮ ᠪᠠ ︽ᠲᠦᠩᠯᠢᠶᠣᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ

ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ 2 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠦᠩᠯᠢᠶᠣᠤ

ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ᠂ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ

ᠦᠶᠯᠡᠴᠢᠯᠡᠭᠡᠨ ᠤ ᠲᠦᠷᠢᠮ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠳᠤᠭᠤᠶᠢᠯᠠᠩ ᠬᠤᠪᠢᠶᠠᠵᠦ ᠬᠢᠨᠠᠨ ᠵᠦᠪᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ