ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/15
     2021 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ  ᠨᠡᠮᠡᠭᠳᠡᠭᠰᠡᠨ ᠦᠭᠡᠢ᠃  ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ 1 ᠲᠣᠳᠣᠯᠠᠭᠰᠠᠨ ᠡᠪᠡᠳᠴᠢᠲᠠᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ ᠡᠪᠡᠳᠴᠢᠲᠠᠨ︶ ᠪᠠ ᠥᠪᠦᠷ ᠮᠣᠩᠭᠤᠯ ᠣᠷᠤᠨ ᠳᠤ ᠲᠣᠳᠤᠯᠠᠭᠰᠠᠨ 1 ᠡᠪᠡᠳᠴᠢᠲᠡᠨ ︵ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠡᠪᠡᠳᠴᠢᠲᠡᠨ︶ ᠡᠷᠡᠭᠦᠯᠵᠢᠵᠦ ᠡᠮᠨᠡᠯᠭᠡ ᠠᠴᠠ ᠭᠠᠷᠴᠠᠢ᠃      2021 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠥᠪᠦᠷ ᠮᠣᠩᠭᠤᠯ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 17 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ︶ ᠪᠠᠶᠢᠨ᠎ᠠ᠃᠂ ᠪᠦᠬᠦ ᠡᠪᠡᠳᠴᠢᠲᠠᠳ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ