ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 251 ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2021/11/15
           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                  251 ᠳ᠋ᠦ᠋ᠭᠡᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠬᠠᠮᠢᠶᠠᠷᠤᠯᠲᠠ ᠶᠢᠨ ᠠᠷᠭ᠎ᠠ︾ ᠶᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ      2021 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠤᠷᠢᠶᠠᠵᠤ ᠨᠡᠶᠢᠯᠡᠭᠦᠯᠬᠦ᠂ ᠬᠠᠮᠵᠢᠯᠴᠠᠬᠤ᠂ ᠬᠠᠮᠲᠤ ᠳᠤ ᠪᠠᠨ ᠭᠥᠷᠳᠡᠬᠦ ᠪᠠ ᠬᠡᠷᠡᠭᠯᠡᠬᠦ ᠶᠢ ᠪᠡᠶᠡᠯᠡᠭᠦᠯᠦᠨ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠣᠯᠭᠤᠬᠤ᠂ ᠮᠡᠳᠡᠭᠡ ᠵᠠᠩᠭᠢ ᠶᠢ ᠳᠠᠮᠵᠢᠭᠤᠯᠬᠤ᠂ ᠮᠡᠳᠡᠭᠡ ᠵᠠᠩᠭᠢ ᠶᠢ ᠬᠠᠷᠭᠤᠭᠤᠯᠤᠨ ᠬᠢᠨᠠᠬᠤ᠂ ᠳ᠋ᠠᠶᠢᠲ᠋ᠠ ᠬᠥᠮᠥᠷᠭᠡ ᠶᠢ ᠪᠠᠶᠢᠭᠤᠯᠬᠤ ᠬᠢᠭᠡᠳ ᠬᠠᠮᠠᠭᠠᠯᠠᠬᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠮᠡᠳᠡᠭᠡ ᠵᠠᠩᠭᠢ ᠶᠢᠨ ᠬᠡᠷᠡᠭᠯᠡᠭᠡᠨ ᠤ ᠦᠢᠯᠡᠴᠢᠯᠡᠭᠡ ᠵᠢᠴᠢ ᠲᠡᠭᠦᠨ ᠢ ᠬᠢᠨᠠᠨ ᠬᠠᠮᠢᠶᠠᠷᠬᠤ ᠵᠡᠷᠭᠡ ᠠᠵᠢᠯᠯᠠᠭ᠎ᠠ ᠬᠢᠬᠦ ᠳᠤ ᠲᠤᠰ ᠠᠷᠭ᠎ᠠ ᠬᠡᠷᠡᠭᠯᠡᠭᠳᠡᠨ᠎ᠡ᠃      ᠲᠤᠰ ᠠᠷᠭ᠎ᠠ ᠳᠤ ᠬᠡᠯᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠭᠡᠳᠡᠭ ᠨᠢ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠬᠠᠤᠯᠢ ᠶᠣᠰᠣᠭᠠᠷ ᠪᠠᠶᠢᠭᠤᠯᠤᠭᠰᠠᠨ ᠪᠤᠰᠤᠳ ᠬᠠᠤᠯᠢ ᠶᠢᠨ ᠡᠲᠡᠬᠡᠳ᠂ ᠬᠠᠤᠯᠢ ᠶᠢᠨ ᠡᠲᠡᠬᠡᠳ ᠪᠤᠰᠤ ᠵᠣᠬᠢᠶᠠᠨ ᠪᠠᠶᠢᠭᠤᠯᠤᠯᠲᠠ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠢᠭᠠᠵᠤ ᠪᠤᠶ᠃      ᠲᠣᠰ ᠠᠷᠭ᠎ᠠ ᠳᠤ ᠬᠡᠯᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠭᠡᠳᠡᠭ ᠨᠢ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠣᠯᠭᠤᠭᠰᠠᠨ ᠪᠥᠬᠦ ᠤᠯᠤᠰ ᠤᠨ ᠬᠡᠪᠴᠢᠶᠡᠨ ᠳᠠᠬᠢ ᠬᠠᠤᠯᠢ ᠪᠠᠷ ᠲᠣᠭᠲᠠᠭᠠᠭᠰᠠᠨ ᠪᠡᠶ᠎ᠡ ᠭᠠᠷᠤᠯ ᠢ ᠢᠯᠭᠠᠨ ᠲᠠᠨᠢᠬᠤ ᠴᠣᠷ ᠤᠨ ᠭᠠᠭᠴᠠ᠂ ᠬᠤᠪᠢᠷᠠᠰᠢ ᠥᠬᠡᠶ ᠺᠣᠳ᠋ ᠢ ᠨᠢ ᠵᠢᠭᠠᠵᠤ ᠪᠣᠶ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠺᠣᠳ᠋ ᠢ ᠤᠯᠤᠰ ᠤᠨ ᠪᠠᠷᠢᠮᠵᠢᠶ᠎ᠠ ᠶᠣᠰᠣᠭᠠᠷ ᠠᠷᠪᠠᠨ ᠨᠠᠢᠮᠠᠨ ᠣᠷᠣᠨᠲᠤ ᠪᠠᠷ ᠵᠢᠷᠤᠭᠯᠠᠨ ᠲᠥᠯᠥᠪᠯᠡᠨ᠎ᠡ᠂ ᠡᠭᠦᠨ ᠳᠤ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠤᠨ ᠣᠷᠣᠯᠠᠬᠤ ᠨᠣᠮᠧᠷ᠂ ᠪᠠᠶᠢᠭᠤᠯᠤᠮᠵᠢ ᠶᠢᠨ ᠲᠥᠷᠥᠯ ᠢᠯᠭᠠᠯ ᠤᠨ ᠣᠷᠣᠯᠠᠬᠤ ᠨᠣᠮᠧᠷ᠂ ᠳᠡᠩᠰᠡᠯᠡᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠨᠣᠮᠧᠷ᠂ ᠭᠤᠤᠯ ᠴᠣᠭᠴᠠ ᠶᠢᠨ ᠢᠯᠭᠠᠨ ᠲᠠᠨᠢᠬᠤ ᠨᠣᠮᠧᠷ ᠪᠠ ᠬᠠᠷᠭᠤᠭᠤᠯᠤᠨ ᠰᠢᠯᠭᠠᠬᠤ ᠨᠣᠮᠧᠷ ᠵᠡᠷᠭᠡ ᠲᠠᠪᠤᠨ ᠬᠡᠰᠡᠭ ᠪᠠᠭᠲᠠᠨ᠎ᠠ᠃      ᠭᠤᠷᠪᠠᠳᠤᠭᠠᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠬᠠᠮᠢᠶᠠᠷᠤᠯᠲᠠ ᠳᠤ ᠬᠠᠤᠯᠢ ᠳᠤ ᠨᠡᠶᠢᠴᠡᠬᠦ᠂ ᠠᠮᠤᠷ ᠲᠦᠪᠰᠢᠨ᠂ ᠴᠠᠭ ᠲᠤᠬᠠᠶ ᠳᠤ ᠨᠢ ᠪᠠ ᠬᠠᠮᠲᠤ ᠪᠠᠷ ᠬᠦᠷᠲᠡᠬᠦ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ ᠤᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ ᠤᠨ ᠠᠵᠢᠯ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠵᠤ ᠪᠠᠶᠢᠭᠠᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ ᠢᠶᠠᠷ ᠭᠤᠤᠯ ᠴᠣᠭᠴᠠᠲᠤ ᠰᠢᠨᠵᠢ ᠲᠡᠮᠳᠡᠭ ᠪᠣᠯᠭᠠᠭᠰᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠤᠯᠪᠣᠭᠳᠠᠭᠤᠯᠤᠨ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠨᠢ ᠠᠬᠢᠭᠤᠯᠬᠤ ᠬᠡᠷᠡᠭᠲᠡᠢ᠃      ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠬᠦ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠳᠠᠮᠵᠢᠭᠤᠯᠬᠤ᠂ ᠬᠠᠮᠲᠤ ᠪᠠᠷ ᠬᠦᠷᠲᠡᠬᠦ ᠵᠡᠷᠭᠡ ᠪᠠᠷᠢᠮᠵᠢᠶ᠎ᠠ ᠶᠢ ᠨᠢ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢᠨ ᠳ᠋ᠠᠶᠢᠲ᠋ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠵᠢᠯᠯᠠᠭᠤᠯᠬᠤ ᠪᠠ ᠬᠠᠮᠠᠭᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠷᠭᠤᠭᠤᠯᠵᠤ ᠬᠢᠨᠠᠨ᠂ ᠨᠣᠮᠧᠷ ᠣᠯᠭᠤᠬᠤ ᠪᠠ ᠮᠡᠳᠡᠭᠡ ᠵᠠᠩᠭᠢ ᠪᠤᠴᠠᠭᠠᠨ ᠳᠠᠮᠵᠢᠭᠤᠯᠬᠤ ᠶᠢ ᠨᠢ ᠬᠢᠨᠠᠨ ᠰᠢᠨᠵᠢᠵᠦ ᠦᠨᠡᠯᠡᠨ ᠵᠢᠱᠢᠵᠦ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠭᠤᠤᠯ ᠴᠣᠭᠴᠠ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃      ᠵᠢᠷᠭᠤᠳᠤᠭᠠᠷ ᠵᠦᠢᠯ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠴᠤᠭᠯᠠᠭᠤᠯᠬᠤ᠂ ᠬᠤᠷᠢᠶᠠᠵᠤ ᠨᠡᠶᠢᠯᠡᠭᠦᠯᠬᠦ᠂ ᠲᠤᠬᠠᠢ ᠶᠢᠨ ᠴᠠᠭ ᠲᠤ ᠨᠢ ᠨᠣᠮᠧᠷ ᠢ ᠣᠯᠭᠤᠬᠤ᠂ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠬᠤ ᠶᠢ ᠨᠢ ᠬᠠᠷᠢᠭᠤᠴᠠᠵᠤ᠂ ᠲᠤᠰ ᠰᠢᠰᠲ᠋ᠧᠮ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠲᠣᠰ ᠠᠷᠭ᠎ᠠ ᠳᠤ ᠬᠡᠯᠡᠵᠦ ᠪᠠᠶᠢᠭ᠎ᠠ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠭᠡᠳᠡᠭ ᠨᠢ ᠪᠠᠶᠢᠭᠤᠯᠤᠮᠵᠢ ᠣᠷᠣᠨ ᠲᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠶ᠂ ᠱᠠᠰᠢᠨ ᠰᠤᠷᠲᠠᠬᠤᠨ ᠤ ᠠᠵᠢᠯ ᠶᠠᠪᠤᠳᠠᠯ᠂ ᠠᠵᠢᠯᠴᠢᠨ ᠤ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠣᠮᠧᠷ ᠣᠯᠭᠤᠬᠤ ᠡᠷᠬᠡ ᠲᠠᠢ ᠪᠤᠶᠤ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠤᠷᠢᠶᠠᠵᠤ ᠨᠡᠶᠢᠯᠡᠭᠦᠯᠬᠦ ᠶᠢ ᠨᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠢ ᠵᠢᠭᠠᠵᠤ ᠪᠣᠶ᠃      ᠲᠣᠰ ᠠᠷᠭ᠎ᠠ ᠳᠤ ᠬᠡᠯᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠭᠡᠳᠡᠭ ᠨᠢ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠳᠡᠩᠰᠡᠯᠡᠨ ᠲᠡᠮᠳᠡᠭᠯᠡᠵᠦ ᠨᠣᠮᠧᠷ ᠣᠯᠭᠤᠬᠤ ᠳᠤ ᠴᠤᠭᠯᠠᠭᠤᠯᠤᠭᠰᠠᠨ ᠮᠡᠳᠡᠭᠡ ᠵᠠᠩᠭᠢ ᠶᠢ ᠵᠢᠭᠠᠵᠤ ᠪᠣᠶ᠃      ᠳᠣᠯᠣᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠬᠠᠭᠤᠷᠮᠠᠭ ᠢᠶᠠᠷ ᠵᠣᠬᠢᠶᠠᠵᠤ᠂ ᠬᠠᠭᠤᠷᠮᠠᠭᠯᠠᠨ ᠬᠡᠷᠡᠭᠯᠡᠵᠦ᠂ ᠰᠢᠯᠵᠢᠭᠦᠯᠦᠨ ᠬᠤᠳᠠᠯᠳᠤᠵᠤ᠂ ᠲᠦᠷᠢᠶᠡᠰᠦᠯᠡᠭᠦᠯᠵᠦ ᠪᠣᠯᠬᠤ ᠦᠭᠡᠶ᠃      ᠨᠠᠢᠮᠠᠳᠤᠭᠠᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠬᠤ ᠪᠠᠷ ᠭᠤᠶᠤᠴᠢᠯᠠᠬᠤ ᠳᠤ᠂ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠣᠯᠭᠤᠬᠤ ᠬᠡᠷᠡᠭᠲᠡᠢ᠃      ᠶᠢᠰᠦᠳᠦᠭᠡᠷ ᠵᠦᠢᠯ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠳᠠᠩᠰᠠᠯᠠᠨ ᠲᠡᠮᠳᠡᠭᠯᠡᠬᠦ᠂ ᠬᠤᠪᠢᠷᠠᠭᠠᠬᠤ᠂ ᠬᠦᠴᠦᠨ ᠦᠭᠡᠶ ᠪᠣᠯᠭᠠᠬᠤ ᠳᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠨᠢ ᠥᠪᠡᠷᠲᠡᠭᠡᠨ ᠵᠠᠰᠠᠬᠤ ᠣᠷᠣᠨ ᠤ ᠵᠣᠬᠢᠬᠤ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠲᠤ ᠳᠠᠮᠵᠢᠭᠤᠯᠤᠨ ᠥᠭᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠬᠤᠶᠠᠷ ᠠᠵᠢᠯᠯᠠᠬᠤ ᠡᠳᠦᠷ ᠤᠨ ᠳᠣᠲᠣᠷ᠎ᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠮᠵᠢᠭᠤᠯᠤᠨ ᠥᠭᠬᠦ ᠬᠡᠷᠡᠭᠲᠡᠶ᠃      ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠬᠤᠶᠠᠷ ᠠᠵᠢᠯᠯᠠᠬᠤ ᠡᠳᠦᠷ ᠤᠨ ᠳᠣᠲᠣᠷ᠎ᠠ ᠳᠠᠪᠬᠤᠷᠳᠠᠭᠰᠠᠨ ᠨᠣᠮᠧᠷ᠂ ᠪᠤᠷᠤᠭᠤ ᠨᠣᠮᠧᠷ ᠢ ᠨᠢ ᠬᠠᠷᠭᠤᠭᠤᠯᠤᠨ ᠬᠢᠨᠠᠬᠤ᠂ ᠮᠡᠳᠡᠭᠡ ᠵᠠᠩᠭᠢ ᠶᠢ ᠬᠤᠷᠢᠶᠠᠵᠤ ᠨᠡᠶᠢᠯᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢᠶᠠᠨ ᠳᠠᠭᠤᠰᠬᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠭᠤᠭᠤᠯᠵᠤ ᠬᠢᠨᠠᠭᠰᠠᠨ ᠤ ᠳᠠᠷᠠᠭ᠎ᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠲᠤ ᠳᠠᠪᠬᠤᠷᠳᠠᠭᠰᠠᠨ ᠨᠣᠮᠧᠷ᠂ ᠪᠤᠷᠤᠭᠤ ᠨᠣᠮᠧᠷ ᠪᠠᠶᠢᠬᠤ ᠵᠡᠷᠭᠡ ᠪᠠᠶᠢᠳᠠᠯ ᠢ ᠣᠯᠵᠤ ᠮᠡᠳᠡᠪᠡᠯ᠂ ᠲᠤᠰ ᠡᠳᠦᠷ ᠲᠤ ᠨᠢ ᠥᠪᠡᠷᠲᠡᠭᠡᠨ ᠵᠠᠰᠠᠬᠤ ᠣᠷᠣᠨ ᠤ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ ᠭᠤᠷᠪᠠᠨ ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠮᠵᠢᠭᠤᠯᠤᠨ ᠥᠭᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠨᠢᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠪᠣᠯ ᠵᠥᠪᠬᠡᠨ ᠨᠢᠭᠡ ᠯᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠣᠯᠭᠤᠵᠤ᠂ ᠨᠢᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠴᠣᠷ ᠤᠨ ᠭᠠᠭᠴᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠲᠠᠢ ᠪᠠᠶᠢᠵᠤ ᠪᠣᠯᠤᠨ᠎ᠠ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠦᠷᠭᠦᠯᠵᠢᠯᠡᠨ ᠠᠵᠢᠯᠯᠠᠬᠤ ᠬᠤᠭᠤᠴᠠᠭᠠᠨ ᠳᠤ ᠦᠨᠳᠦᠰᠦᠨ ᠮᠡᠳᠡᠭᠡ ᠵᠠᠩᠭᠢ ᠳᠤ ᠨᠢ ᠶᠠᠮᠠᠷᠪᠠ ᠬᠤᠪᠢᠷᠠᠯᠲᠠ ᠭᠠᠷᠤᠭᠰᠠᠨ ᠴᠦ᠂ ᠲᠡᠭᠦᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠨᠢ ᠬᠤᠪᠢᠷᠠᠬᠤ ᠥᠬᠡᠶ᠃      ᠠᠷᠪᠠᠨ ᠭᠤᠷᠪᠠᠳᠤᠭᠠᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠬᠦᠴᠦᠨ ᠦᠭᠡᠶ ᠪᠣᠯᠣᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠨᠢ ᠥᠨᠢᠳᠡ ᠦᠯᠡᠳᠡᠭᠡᠨ ᠬᠠᠳᠠᠭᠠᠯᠠᠵᠤ᠂ ᠮᠥᠷᠳᠡᠨ ᠤᠬᠤᠴᠢᠯᠠᠵᠤ ᠪᠠᠶᠢᠴᠠᠭᠠᠨ ᠯᠠᠪᠯᠠᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠯᠴᠠᠵᠤ ᠪᠠᠶᠢᠭᠠᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠲᠠᠬᠢ ᠳᠠᠪᠬᠤᠷᠳᠠᠭᠰᠠᠨ ᠨᠣᠮᠧᠷ᠂ ᠪᠤᠷᠤᠭᠤ ᠨᠣᠮᠧᠷ ᠢ ᠨᠢ ᠬᠠᠷᠭᠤᠭᠤᠯᠤᠨ ᠪᠠᠶᠢᠴᠠᠭᠠᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠣᠭᠲᠠᠴᠠ ᠶᠢ ᠪᠠᠶᠢᠭᠤᠯᠵᠤ᠂ ᠨᠣᠮᠧᠷ ᠣᠯᠭᠤᠭᠰᠠᠨ ᠪᠠ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠤᠭᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠬᠦ ᠪᠠ ᠬᠠᠮᠠᠭᠠᠯᠠᠬᠤ ᠶᠢ ᠬᠠᠷᠢᠭᠤᠴᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢᠨ ᠣᠨᠣᠪᠴᠢᠲᠠᠶ᠂ ᠪᠦᠲᠦᠮᠵᠢᠲᠡᠶ᠂ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠨᠣᠮᠧᠷ ᠣᠯᠭᠤᠬᠤ᠂ ᠮᠡᠳᠡᠭᠡ ᠵᠠᠩᠭᠢ ᠴᠤᠭᠯᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠳᠠᠪᠬᠤᠷᠳᠠᠭᠰᠠᠨ ᠨᠣᠮᠧᠷ᠂ ᠪᠤᠷᠤᠭᠤ ᠨᠣᠮᠧᠷ ᠤᠨ ᠮᠡᠳᠡᠭᠡ ᠵᠠᠩᠭᠢ ᠶᠢ ᠳᠠᠷᠤᠶᠢᠬᠠᠨ ᠵᠠᠯᠠᠷᠠᠭᠤᠯᠬᠤ ᠬᠡᠷᠡᠭᠲᠡᠢ᠂ ᠲᠤᠬᠠᠢ ᠶᠢᠨ ᠴᠠᠭ ᠲᠤ ᠨᠢ ᠨᠣᠮᠧᠷ ᠣᠯᠭᠤᠭᠰᠠᠨ ᠦᠭᠡᠶ ᠪᠤᠶᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠴᠤᠭᠯᠠᠭᠤᠯᠤᠭᠰᠠᠨ ᠦᠭᠡᠢ᠂ ᠬᠤᠷᠢᠶᠠᠵᠤ ᠨᠡᠶᠢᠯᠡᠭᠦᠯᠦᠭᠰᠡᠨ ᠦᠭᠡᠢ᠂ ᠵᠠᠯᠠᠷᠠᠭᠤᠯᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠯᠲᠠ ᠲᠠᠯᠪᠢᠵᠤ᠂ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠵᠤ ᠪᠠᠶᠢᠭᠠᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠦᠷᠢᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠠᠪᠴᠠᠩ ᠢᠶᠠᠷ ᠳᠠᠮᠵᠢᠭᠤᠯᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠯᠦᠭᠡ ᠲᠤᠬᠠᠢ ᠶᠢᠨ ᠴᠠᠭ ᠲᠤ ᠨᠢ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠵᠦ᠂ ᠬᠠᠮᠵᠢᠯᠴᠠᠨ ᠬᠢᠨᠠᠨ ᠬᠠᠮᠢᠶᠠᠷᠴᠤ᠂ ᠲᠤᠬᠠᠶᠢᠯᠠᠭᠰᠠᠨ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ ᠤᠨ ᠮᠡᠳᠡᠭᠡ ᠵᠠᠩᠭᠢ ᠶᠢᠨ ᠳ᠋ᠠᠶᠢᠲ᠋ᠠ ᠶᠢ ᠬᠡᠷᠡᠭᠯᠡᠬᠦ ᠪᠠᠷᠢᠮᠵᠢᠶ᠎ᠠ ᠶᠢᠨ ᠰᠤᠳᠤᠯᠤᠯ ᠢ ᠴᠢᠩᠭᠠᠳᠬᠠᠵᠤ᠂ ᠳ᠋ᠠᠶᠢᠲ᠋ᠠ ᠶᠢᠨ ᠪᠠᠷᠢᠮᠵᠢᠶ᠎ᠠ ᠪᠠ ᠲᠠᠪᠴᠠᠩ ᠤᠨ ᠦᠢᠯᠡᠴᠢᠯᠡᠭᠡᠨ ᠤ ᠵᠠᠯᠭᠠᠰᠤ ᠶᠢ ᠨᠢᠭᠡᠳᠬᠡᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠠᠷᠬᠠᠯᠲᠠ ᠶᠢᠨ ᠪᠠᠶᠢᠳᠠᠯ᠂ ᠠᠵᠢᠯ ᠲᠥᠷᠥᠯ ᠤᠨ ᠣᠨᠴᠠᠯᠢᠭ᠂ ᠠᠵᠤ ᠠᠬᠤᠶ ᠶᠢᠨ ᠲᠥᠷᠥᠯ ᠬᠡᠯᠪᠡᠷᠢ ᠵᠡᠷᠭᠡ ᠠᠭᠤᠯᠭ᠎ᠠ ᠶᠢ ᠵᠠᠳᠠᠯᠵᠤ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠳ᠋ᠠᠶᠢᠲ᠋ᠠ ᠶᠢᠨ ᠳᠡᠮᠵᠢᠯᠭᠡ ᠬᠠᠩᠭᠠᠨ᠂ ᠠᠵᠤ ᠠᠬᠤᠶᠢᠯᠠᠯ ᠤᠨ ᠬᠥᠭᠵᠢᠯᠲᠡ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠢ ᠲᠥᠬᠦᠮ ᠦᠵᠡᠭᠦᠯᠬᠦ ᠬᠡᠷᠡᠭᠲᠡᠢ᠃      ᠠᠷᠪᠠ ᠶᠢᠰᠦᠳᠦᠭᠡᠷ ᠵᠦᠢᠯ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠪᠠᠶᠢᠭᠤᠯᠤᠭᠠᠳ ᠪᠠᠶᠢᠭ᠎ᠠ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ᠂ ᠬᠠᠮᠢᠶᠠᠷᠤᠯᠲᠠ ᠶᠢᠨ ᠰᠢᠰᠲ᠋ᠧᠮ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠠᠶᠢᠨ ᠯᠠᠪᠯᠠᠬᠤ᠂ ᠵᠠᠰᠠᠭ ᠵᠠᠬᠢᠷᠭᠠᠨ ᠤ ᠵᠥᠪᠰᠢᠶᠡᠷᠡᠯ᠂ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ᠂ ᠨᠡᠶᠢᠭᠡᠮ ᠤᠨ ᠢᠲᠡᠭᠡᠮᠵᠢ ᠵᠡᠷᠭᠡ ᠳᠤ ᠬᠡᠷᠡᠭᠯᠡᠬᠦ ᠭᠤᠤᠯ ᠴᠣᠭᠴᠠ ᠶᠢᠨ ᠢᠯᠭᠠᠨ ᠲᠠᠨᠢᠬᠤ ᠵᠦᠢᠯ ᠪᠣᠯᠭᠠᠬᠤ ᠶᠢᠨ ᠬᠠᠮᠲᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠰᠢᠰᠲ᠋ᠧᠮ ᠢᠶᠠᠷ ᠡᠮᠬᠢᠯᠡᠨ ᠨᠡᠶᠢᠯᠡᠭᠦᠯᠬᠦ᠂ ᠳ᠋ᠠᠶᠢᠲ᠋ᠠ ᠶᠢ ᠬᠠᠮᠲᠤ ᠪᠠᠷ ᠬᠦᠷᠳᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢᠨ ᠰᠠᠭᠤᠷᠢ ᠲᠤᠭ᠎ᠠ ᠪᠠᠷᠢᠮᠲᠠ ᠪᠣᠯᠭᠠᠬᠤ ᠬᠡᠷᠡᠭᠲᠡᠢ᠃      ᠬᠤᠷᠢᠳᠤᠭᠠᠷ ᠵᠦᠢᠯ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠨᠢ ᠡᠯᠧᠺᠲᠷᠣᠨ ᠵᠠᠰᠠᠭ ᠤᠨ ᠶᠠᠪᠤᠳᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠳᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠬᠡᠷᠡᠭᠯᠡᠬᠦ ᠶᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠳᠡᠮᠵᠢᠯᠭᠡ ᠦᠢᠯᠡᠴᠢᠯᠡᠭᠡ ᠬᠠᠩᠭᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡ᠂ ᠴᠠᠬᠢᠯᠭᠠᠨ ᠬᠤᠯᠪᠣᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠡᠮᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠳᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠪᠠᠨ᠂ ᠬᠠᠤᠯᠢ ᠶᠣᠰᠣᠭᠠᠷ ᠪᠡᠶ᠎ᠡ ᠭᠠᠷᠤᠯ ᠤᠨ ᠭᠡᠷᠡᠴᠢ ᠦᠨᠡᠮᠯᠡᠯ ᠭᠠᠷᠭᠠᠵᠤ ᠦᠵᠡᠭᠦᠯᠬᠦ ᠴᠢᠬᠤᠯᠠᠲᠠᠶ ᠪᠣᠯ᠂ ᠠᠵᠢᠯ ᠶᠠᠪᠤᠳᠠᠯ ᠭᠦᠢᠴᠡᠳᠬᠡᠬᠦ ᠨᠢᠭᠡᠴᠢ ᠨᠢ ᠲᠡᠳᠡᠨ ᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠬᠠᠳᠠᠭᠰᠠᠨ ᠭᠡᠷᠡᠴᠢ ᠦᠨᠡᠮᠯᠡᠯ ᠢ ᠨᠢ ᠪᠠᠶᠢᠴᠠᠭᠠᠨ ᠰᠢᠯᠭᠠᠬᠤ ᠬᠡᠷᠡᠭᠲᠡᠶ᠃      ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠬᠠᠮᠢᠶᠠᠷᠤᠯᠲᠠ ᠪᠠ ᠦᠢᠯᠡᠴᠢᠯᠡᠭᠡ ᠶᠢᠨ ᠠᠵᠢᠯ ᠥᠷᠨᠢᠭᠦᠯᠬᠦ ᠳᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠡᠶ᠎ᠡ ᠭᠠᠷᠤᠯ ᠤᠨ ᠢᠯᠭᠠᠨ ᠲᠠᠨᠢᠬᠤ ᠵᠦᠢᠯ ᠲᠠᠢ ᠨᠢ ᠬᠤᠯᠪᠣᠭᠳᠠᠪᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠬᠡᠷᠡᠭᠯᠡᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠳᠤ ᠨᠢᠭᠡᠨᠲᠡ ᠪᠣᠳᠠᠲᠠᠶ ᠰᠢᠢᠳᠬᠡᠨ ᠲᠣᠷᠭᠠᠬᠤ ᠪᠠᠷ ᠲᠣᠭᠲᠠᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ᠃      ᠬᠤᠷᠢᠨ ᠭᠤᠷᠪᠠᠳᠤᠭᠠᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠬᠠᠭᠤᠷᠮᠠᠭ ᠢᠶᠠᠷ ᠵᠣᠬᠢᠶᠠᠭᠰᠠᠨ᠂ ᠬᠠᠭᠤᠷᠮᠠᠭᠯᠠᠵᠦ ᠬᠡᠷᠡᠭᠯᠡᠭᠰᠡᠨ᠂ ᠰᠢᠯᠵᠢᠭᠦᠯᠵᠦ ᠬᠤᠳᠠᠯᠳᠤᠭᠰᠠᠨ᠂ ᠲᠦᠷᠢᠶᠡᠰᠦᠯᠡᠭᠦᠯᠦᠭᠰᠡᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠡᠷᠡᠮᠵᠢ ᠥᠭᠬᠦ ᠶᠢᠨ ᠬᠠᠮᠲᠤ᠂ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠳ ᠨᠢ ᠲᠤᠰ ᠠᠷᠭ᠎ᠠ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠦᠭᠡᠶ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠠᠵᠢᠯᠲᠠᠳ ᠲᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠬᠢᠭᠰᠡᠨ ᠳᠤ ᠲᠣᠭᠠᠴᠠᠭᠳᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ᠂ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠃      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2021 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ