ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠲᠡᠭᠦᠰᠪᠡ    ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ  ᠸᠠᠩ ᠯᠢ ᠰᠢᠶᠠ ᠶᠢ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ  ᠪᠣᠤ ᠰᠢᠶᠠᠨ ᠬᠤᠸᠠ ᠶᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠷ ᠲᠣᠮᠢᠯᠠᠪᠠ
ᠨᠡᠶᠢᠲᠡᠯᠡᠭᠰᠡᠨ ᠴᠠᠭ᠄
2021/11/17
1.jpg
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠠᠮᠵᠢᠯᠲᠠ ᠲᠠᠢ ᠵᠥᠪᠯᠡᠨ ᠳᠠᠭᠤᠰᠬᠠᠭᠠᠳ 11 ᠰᠠᠷ᠎ᠠ ᠶᠢᠨ 16 ᠤ ᠦᠳᠡ ᠶᠢᠨ ᠬᠤᠶᠢᠨ᠎ᠠ ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠭᠤᠷᠪᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠲᠣ 61 ᠪᠦᠷᠢᠯᠳᠦᠬᠦᠨ ᠲᠠᠢ᠂ 53 ᠬᠥᠮᠦᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤᠨᠡᠶᠢᠴᠡᠪᠡ᠃       ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ ᠯᠢᠶᠠᠨ ᠰᠸ᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠠᠶᠢᠮᠠᠭ ᠤᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
2.jpg
      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠤᠯᠳᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ︾ ᠢ ᠪᠠᠳᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ ᠦᠷ᠎ᠡ ᠶᠢᠨ ᠲᠦᠷᠢᠮ︾ ᠳᠤ ᠵᠠᠰᠠᠪᠤᠷᠢ ᠣᠷᠣᠭᠤᠯᠬᠤ ᠲᠤᠬᠠᠶ ᠳᠤᠬᠳᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠬᠠᠮᠢᠶᠠᠷᠤᠯᠲᠠ ᠶᠢᠨ ᠲᠦᠷᠢᠮ︾ ᠳᠤ ᠵᠠᠰᠠᠪᠤᠷᠢ ᠣᠷᠣᠭᠤᠯᠬᠤ ᠲᠤᠬᠠᠶ ᠳᠤᠬᠳᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠳᠤ ᠵᠠᠰᠠᠪᠤᠷᠢ ᠣᠷᠣᠭᠤᠯᠬᠤ ᠲᠤᠬᠠᠶ ᠳᠤᠬᠳᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ 10 ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠤᠭ ᠤᠨ ᠬᠠᠤᠯᠢ﹀ ᠶᠢ ᠬᠡᠷᠡᠭᠵᠢᠭᠦᠯᠬᠦ ᠨᠥᠬᠦᠪᠥᠷᠢ ᠲᠣᠭᠲᠠᠭᠠᠯ︾ ᠢ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ  ᠢ ᠪᠠᠳᠤᠯᠠᠪᠠ᠃
3.jpg
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠬᠡᠰᠡᠭ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠬᠡᠰᠡᠭ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠬᠡᠰᠡᠭ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠦᠴᠦᠨ ᠥᠭᠡᠢ ᠪᠣᠯᠭᠠᠬᠤ ᠲᠤᠬᠠᠢ ᠪᠤᠭᠤᠲᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠬᠥᠯᠥᠨ ᠪᠣᠶᠢᠷ ᠬᠤᠲᠠ ᠶᠢᠨ ᠬᠤᠲᠠ ᠪᠠᠯᠭᠠᠰᠤᠨ ᠤ ᠨᠣᠭᠤᠭᠠᠷᠠᠭᠤᠯᠤᠯᠳᠠ ᠶᠢᠨ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠬᠥᠯᠥᠨ ᠪᠣᠶᠢᠷ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠬᠠᠮᠠᠭᠠᠯᠠᠨ ᠬᠠᠮᠢᠶᠠᠷᠬᠤ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠲᠦᠩᠯᠢᠶᠣᠤ ᠬᠤᠲᠠ ᠶᠢᠨ ᠮᠣᠩᠭᠤᠯ ᠡᠮ ᠢ ᠬᠠᠮᠠᠭᠠᠯᠠᠨ ᠬᠥᠭᠵᠢᠭᠦᠯᠬᠦ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ᠂︽  ︿ᠲᠦᠩᠯᠢᠶᠣᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠶ 2 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ ᠶᠢ ᠪᠠᠳᠤᠯᠠᠪᠠ᠃       ᠬᠤᠷᠠᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠢ ᠬᠤᠷᠠᠯᠳᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ᠂ 2021 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠤᠨ ᠲᠣᠬᠢᠷᠠᠭᠤᠯᠤᠯᠳᠠ ᠶᠢᠨ ᠲᠥᠰᠦᠯ ᠢ ᠵᠥᠪᠰᠢᠶᠡᠷᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠶᠳᠪᠦᠷᠢ᠂ ︽ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ︾ ᠶᠢ ᠪᠠᠲᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠶᠯᠡᠰ ᠢ ᠪᠠᠲᠤᠯᠠᠪᠠ᠃       ᠬᠤᠷᠠᠯ ᠠᠴᠠ ᠪᠣᠤ ᠰᠢᠶᠠᠨ ᠬᠤᠸᠠ ᠶᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠷ ᠲᠤᠮᠢᠯᠠᠬᠤ ᠪᠠᠷ ᠲᠣᠭᠲᠠᠪᠠ᠃       ᠱᠢ ᠲᠠᠢ ᠹᠧᠩ ᠪᠣᠤ ᠰᠢᠶᠠᠨ ᠬᠤᠸᠠ ᠨᠠᠷ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃       ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠤ᠂ ᠪᠣᠤ ᠰᠢᠶᠠᠨ ᠬᠤᠸᠠ ᠳᠠᠭᠠᠭᠤᠯᠤᠨ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠭᠡᠬᠦ ᠦᠭᠡ ᠬᠡᠯᠡᠵᠡᠢ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠨᠥᠬᠦᠨ ᠰᠣᠩᠭᠤᠪᠠ᠃ ᠲᠡᠭᠦᠨ ᠤ ᠲᠥᠯᠥᠭᠡᠯᠡᠭᠴᠢ ᠶᠢᠨ ᠬᠢᠷᠢ ᠬᠡᠮ ᠢ ᠬᠠᠤᠯᠢ ᠶᠣᠰᠣᠭᠠᠷ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠨᠤᠲᠠᠯᠠᠭᠤᠯᠵᠤ᠂ ᠵᠠᠷᠯᠠᠨ ᠨᠡᠶᠢᠲᠡᠯᠡᠨ᠎ᠡ᠃       ᠬᠤᠷᠠᠯ ᠠᠴᠠ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠤᠯᠳᠠ  ᠶᠢᠨ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠶ ᠰᠠᠶᠢᠲᠤᠷ ᠠᠳᠬᠤᠵᠤ᠂ ᠬᠠᠤᠯᠢ ᠶᠣᠰᠣᠭᠠᠷ ᠤᠰᠤ ᠠᠷᠪᠢᠯᠠᠬᠤ᠂ ᠤᠰᠤ ᠬᠠᠮᠢᠶᠠᠷᠬᠤ᠂ ᠤᠰᠤ ᠬᠡᠷᠡᠭᠯᠡᠬᠦ᠂ ᠤᠰᠤ ᠬᠠᠮᠠᠭᠠᠯᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯ ᠬᠠᠤᠯᠢ ᠲᠦᠷᠢᠮ ᠤᠨ ᠴᠢᠩᠭ᠎ᠠ ᠬᠢᠵᠠᠭᠠᠷᠯᠠᠯ ᠢ ᠦᠨᠡᠨ ᠬᠦ ᠴᠢᠩᠭᠠᠳᠬᠠᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠶ ᠰᠠᠶᠢᠲᠤᠷ ᠠᠳᠬᠤᠵᠤ᠂ ᠲᠦᠭᠦᠭᠡᠷᠦᠮᠵᠢ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠠᠵᠤ ᠦᠶᠯᠡᠰ ᠢ ᠭᠦᠭᠵᠢᠬᠦᠯᠬᠦ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠶ ᠰᠠᠶᠢᠲᠤᠷ ᠠᠳᠬᠤᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠵᠤᠬᠢᠴᠠᠭᠤᠯᠤᠨ ᠠᠬᠢᠭᠤᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠪᠠᠷ ᠠᠵᠢᠯ ᠣᠯᠭᠤᠬᠤ ᠦᠢᠯᠡᠰ ᠪᠤᠰᠬᠠᠬᠤ ᠶᠢ ᠳᠠᠶᠢᠴᠢᠯᠠᠬᠤ ᠭᠤᠣᠯ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ᠂ ᠬᠦᠴᠦᠲᠡᠢ ᠪᠦᠲᠦᠮᠵᠢᠲᠡᠢ ᠪᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠳᠤ ᠶᠢᠨ ᠠᠵᠢᠯ ᠤᠨ ᠦᠷ᠎ᠡ ᠪᠦᠳᠦᠮᠵᠢ ᠪᠠᠨ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠵᠢᠷᠤᠮᠵᠢᠭᠤᠯᠬᠤ᠂ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢ ᠠᠬᠢᠭᠤᠯᠵᠤ᠂ ᠪᠦᠬᠦ ᠠᠷᠠᠳ ᠲᠦᠮᠡᠨ ᠤ ᠬᠠᠮᠲᠤ ᠶᠢᠨ ᠡᠳ᠋ ᠬᠦᠷᠦᠩᠭᠡ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠲᠦᠷᠢ ᠪᠠᠨ ᠳᠠᠷᠤᠢ ᠲᠦᠷᠭᠡᠨ ᠬᠤᠪᠢᠷᠠᠭᠤᠯᠵᠤ᠂ ᠰᠢᠨ᠎ᠡ ᠠᠵᠢᠯ ᠤᠨ ᠪᠠᠶᠢᠷᠢ ᠶᠢᠨ ᠬᠡᠷᠡᠭᠴᠡᠭᠡ ᠳᠤ ᠢᠳᠡᠪᠬᠢᠲᠡᠢ ᠵᠣᠬᠢᠴᠠᠵᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠭᠡᠵᠦ᠂ ᠠᠷᠠᠳ ᠤᠨ ᠲᠥᠯᠥᠭᠡ ᠬᠢᠴᠢᠶᠡᠨ ᠴᠢᠷᠮᠠᠶᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠵᠥᠪ ᠤᠨᠤᠪᠴᠢᠳᠠᠢ ᠬᠡᠷᠡᠭᠵᠢᠭᠦᠯᠵᠦ᠂ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠣᠳᠣᠬᠠᠨ ᠤ ᠪᠠ ᠲᠠᠷᠠᠭ᠎ᠠ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠭᠡ ᠲᠠᠯ᠎ᠠ ᠪᠠ ᠭᠤᠣᠯ ᠠᠵᠢᠯ ᠤᠨ ᠲᠣᠭᠤᠷᠢᠨ ᠳᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠦ ᠤᠬᠠᠭᠤᠯᠤᠨ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷ ᠨᠢᠭᠡ ᠪᠦᠷᠢ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡ ᠪᠦᠷᠢ ᠶᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠪᠥᠬᠦᠳᠡ ᠬᠤᠷᠠᠯ ᠤᠨ ᠪᠠᠶᠠᠯᠢᠭ ᠠᠭᠤᠯᠤᠭᠳᠠᠬᠤᠨ ᠪᠠ ᠭᠤᠤᠯ ᠠᠭᠤᠯᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠵᠠᠭᠤᠨ ᠵᠢᠯ ᠤᠨ ᠨᠠᠮ ᠤᠨ ᠲᠡᠦᠬᠡ ᠠᠴᠠ ᠢᠲᠡᠭᠡᠯ ᠪᠢᠰᠢᠷᠡᠯ ᠤᠨ ᠬᠦᠴᠦᠨ ᠪᠠ ᠬᠦᠴᠢᠷ ᠢ ᠳᠤᠭᠤᠯᠤᠨ ᠢᠯᠠᠯᠲᠠ ᠤᠯᠬᠤ ᠣᠶᠤᠨ ᠤᠬᠠᠭᠠᠨ ᠢ ᠰᠢᠩᠭᠡᠭᠡᠨ ᠠᠪᠴᠤ᠂ ᠠᠷᠠᠳ ᠣᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠡᠷᠴᠢ ᠵᠣᠷᠢᠭ ᠪᠠᠳᠠᠷᠠᠩᠭᠤᠶ ᠪᠠᠷ ᠢᠷᠡᠭᠡᠳᠦᠶ ᠲᠡᠶᠢᠰᠢ ᠤᠷᠤᠭᠰᠢᠯᠠᠬᠤ ᠬᠡᠷᠡᠭᠲᠡᠶ᠃ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠣᠯᠤᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠤᠭᠤᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯᠤᠨ ᠤᠯᠤᠰ ᠤᠨ ᠵᠠᠰᠠᠯᠲᠠ ᠶᠢᠨ ᠰᠢᠰᠲ᠋ᠧᠮ ᠳᠠᠬᠢ ᠴᠢᠬᠤᠯᠠ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠵᠢᠯ ᠤᠨ ᠡᠬᠢᠨ ᠳᠤ ᠲᠣᠭᠲᠠᠭᠠᠭᠰᠠᠨ ᠠᠵᠢᠯ ᠤᠨ ᠬᠠᠷᠠᠯᠲᠠ ᠲᠠᠢ  ᠪᠠᠨ ᠬᠠᠷᠭᠤᠭᠤᠯᠵᠤ᠂ ᠡᠯ᠎ᠡ ᠵᠦᠶᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠪᠦᠷᠢᠳᠭᠡᠵᠦ᠂ ᠣᠷᠬᠢᠬᠳᠠᠵᠦ ᠳᠤᠲᠠᠭᠳᠠᠬᠰᠠᠨ ᠢ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠪᠠᠲᠤᠯᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠠᠵᠢᠯ ᠢ ᠴᠢᠩᠭ᠎ᠠ ᠳᠠᠭᠠᠵᠤ᠂ ᠠᠷᠠᠳ ᠣᠯᠠᠨ ᠤ ᠬᠠᠤᠯᠢᠵᠢᠯ ᠤᠨ ᠪᠠᠶᠢᠭᠤᠯᠤᠯᠲᠠ ᠶᠢᠨ ᠲᠤᠬᠠᠶ ᠬᠦᠰᠡᠯ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠠᠢ ᠨᠢᠭᠲᠠ ᠤᠶᠠᠯᠳᠤᠭᠤᠯᠵᠤ᠂ ᠲᠠᠷᠠᠭ᠎ᠠ ᠵᠢᠯ ᠤᠨ ᠠᠵᠢᠯ ᠤᠨ ᠶᠡᠷᠦᠩᠬᠡᠶ ᠰᠡᠳᠭᠢᠮᠵᠢ᠂ ᠭᠤᠤᠯᠳᠠᠯᠭ᠎ᠠ ᠲᠠᠢ ᠡᠭᠦᠷᠭᠡ ᠪᠣᠯᠤᠨ ᠭᠤᠤᠯ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ ᠳᠤᠷᠠᠳᠴᠤ᠂ ᠳᠠᠷᠠᠭ᠎ᠠ ᠵᠢᠯ ᠤᠨ ᠠᠵᠢᠯ ᠢ ᠦᠨᠡᠨ ᠬᠦ ᠣᠨᠣᠪᠴᠢᠲᠠᠶ ᠪᠥᠭᠡᠳ ᠪᠣᠳᠠᠲᠠᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ