ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/17
     11 ᠳ᠋ᠦ᠋ᠭᠡᠷ ᠰᠠᠷ᠎ᠠ ᠶᠢᠨ 16 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠲᠣᠳᠤᠯᠠᠭᠰᠠᠨ 1 ᠡᠪᠡᠳᠴᠢᠨ ᠤ ᠵᠢᠱᠢᠶ᠎ᠡ ︵ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠡᠷᠡᠭᠦᠯᠵᠢᠵᠦ ᠡᠮᠨᠡᠯᠭᠡ ᠠᠴᠠ ᠭᠠᠷᠴᠠᠢ᠃      11 ᠳ᠋ᠦ᠋ᠭᠡᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 3᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 10 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠪᠠᠶᠢᠨ᠎ᠠ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ