11 ᠳ᠋ᠦ᠋ᠭᠡᠷ ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠬᠤᠯᠪᠣᠭᠳᠠᠯ ᠪᠥᠬᠦᠶ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠲᠠᠢ | ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠬᠤ ᠶᠣᠰᠤᠯᠠᠯ ᠶᠠᠪᠤᠭᠳᠠᠵᠤ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠶᠣᠰᠣᠯᠠᠯ ᠳᠤ ᠣᠷᠣᠯᠴᠠᠭᠰᠠᠨ ᠪᠥᠭᠡᠳ ᠭᠡᠷ᠎ᠡ ᠲᠣᠭᠲᠠᠭᠰᠠᠨ ᠢ | ᠭᠡᠷᠡᠴᠢᠯᠡᠪᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠪᠠᠶ ᠬᠠᠶ ᠯᠢᠨ ᠪᠠᠶᠠᠷ ᠤᠨ ᠦᠭᠡ | ᠬᠡᠯᠡᠵᠦ᠂ ᠬᠤᠯᠪᠣᠭᠳᠠᠯ ᠪᠥᠬᠦᠶ ᠨᠡᠭᠦᠷᠡᠰᠦᠨ ᠤ ᠠᠵᠤ ᠠᠬᠤᠶᠢᠯᠠᠯ᠂ ᠢᠯᠴᠢ ᠬᠠᠩᠭᠠᠬᠤ ᠠᠵᠤ ᠠᠬᠤᠶᠢᠯᠠᠯ ᠵᠢᠴᠢ ᠬᠠᠮᠢᠶ᠎ᠠ ᠪᠥᠬᠦᠶ ᠬᠤᠰᠢᠭᠤ ᠬᠤᠲᠠ ᠲᠣᠭᠤᠷᠢᠭ ᠤᠨ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠠᠶ᠃ | ᠶᠣᠰᠣᠯᠠᠯ ᠳᠡᠭᠡᠷ᠎ᠡ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦ ᠪᠣᠷᠣᠯᠠᠭᠤᠯᠬᠤ ᠬᠤᠪᠢᠶᠠᠷᠢ | ᠺᠣᠮᠫᠠᠨᠢ᠂ ᠭᠦᠸᠧ ᠨᠧᠩ ᠪᠣᠷᠤᠯᠠᠭᠤᠯᠭ᠎ᠠ ᠶᠢᠨ ᠪᠦᠯᠦᠭᠯᠡᠯ ᠤᠨ ᠬᠠᠶᠢᠯᠠᠷ ᠤᠨ ᠡᠨᠧᠷᠭᠢ ᠪᠣᠷᠣᠯᠠᠭᠤᠯᠬᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠪᠣᠷᠣᠯᠠᠭᠤᠯᠬᠤ ᠠᠵᠤ | ᠠᠬᠤᠶᠢᠯᠠᠯ ᠲᠤᠰ ᠲᠤᠰ ᠶᠠᠭᠰᠢ ᠸᠧᠢ ᠶᠧ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ᠂ ᠭᠡᠭᠡᠨ ᠭᠤᠣᠯ ᠬᠤᠳᠠ ᠶᠢᠨ ᠳ᠋ᠠ ᠯᠢᠨ ᠤᠯᠠᠨ ᠨᠡᠶᠢᠲᠡ ᠶᠢᠨ ᠦᠢᠯᠡᠰ ᠤᠨ | ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠠᠵᠤ | ᠠᠬᠤᠶᠢᠯᠠᠯ ᠲᠠᠢ ᠭᠡᠷ᠎ᠡ ᠲᠣᠭᠲᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠨᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠬᠤ ᠪᠠᠷ | ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠠᠷᠠᠳ ᠤᠨ ᠰᠡᠳᠬᠢᠯ ᠤᠨ ᠢᠨᠵᠧᠨᠧᠷᠢᠩ ᠪᠠᠶᠢᠵᠤ᠂ ᠬᠥᠯᠥᠨ ᠪᠤᠶᠢᠷ ᠤᠨ ᠠᠵᠤ ᠠᠬᠤᠢ ᠶᠢᠨ ᠲᠣᠭᠲᠠᠭᠤᠨ ᠢᠶᠠᠷ | ᠡᠷᠭᠢᠯᠳᠦᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠪᠠ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠡᠨᠡ | ᠵᠢᠯ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠣᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ | ᠰᠡᠳᠬᠢᠯ ᠳᠤ ᠪᠠᠨ ᠪᠤᠳᠤᠵᠤ᠂ ᠠᠯᠠᠭᠠᠨ ᠳᠤ ᠪᠠᠨ ᠠᠳᠬᠤᠵᠤ᠂ ᠪᠣᠳᠠᠲᠠᠶ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠤᠷᠢᠳᠴᠢᠯᠠᠨ ᠠᠷᠭ᠎ᠠ ᠰᠦᠪᠡᠭᠴᠢᠯᠡᠵᠦ᠂ | ᠨᠢᠭᠲᠠ ᠲᠣᠬᠢᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠡᠯ᠎ᠡ | ᠵᠦᠢᠯ ᠤᠨ ᠠᠵᠢᠯ ᠢ ᠡᠷᠡᠰ ᠰᠢᠭᠤᠷᠬᠠᠶ ᠪᠠᠷ ᠨᠠᠶᠢᠳᠠᠪᠤᠷᠢᠵᠢᠭᠤᠯᠵᠤ ᠪᠤᠲᠠᠲᠠᠶᠢᠵᠢᠭᠤᠯᠪᠠ᠃ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠳ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠦᠢᠯᠡᠳᠪᠦᠷᠢᠯᠡᠬᠦ ᠴᠢᠳᠠᠮᠵᠢ ᠪᠠᠨ ᠨᠡᠮᠡᠭᠳᠡᠭᠦᠯᠦᠨ᠂ ᠭᠠᠷᠤᠯᠲᠠ ᠪᠠᠨ ᠨᠡᠮᠡᠭᠳᠡᠭᠦᠯᠵᠦ᠂ ᠤᠷᠲᠤ | ᠬᠤᠭᠤᠴᠠᠭᠠᠨ ᠤ ᠭᠡᠷ᠎ᠡ ᠶᠢ ᠪᠠᠲᠤᠯᠠᠵᠤ᠂ ᠠᠮᠤᠷ ᠲᠦᠪᠰᠢᠨ ᠢ ᠪᠠᠲᠤᠯᠠᠵᠤ᠂ ᠨᠡᠭᠦᠷᠡᠰᠦᠨ ᠤ ᠦᠨ᠎ᠡ ᠶᠢᠨ ᠲᠣᠭᠲᠠᠭᠤᠨ ᠪᠠ ᠲᠣᠭᠲᠠᠭᠤᠨ ᠢᠶᠠᠷ ᠬᠠᠩᠭᠠᠬᠤ ᠶᠢ ᠬᠦᠴᠦᠲᠡᠢ | ᠪᠠᠲᠤᠯᠠᠪᠠ︔ ᠡᠯ᠎ᠡ ᠳᠤᠯᠠᠭᠠᠯᠭ᠎ᠠ ᠶᠢᠨ ᠠᠵᠤ ᠠᠬᠤᠶᠢᠯᠠᠯ ᠦᠢᠯᠡᠴᠢᠯᠡᠭᠡ ᠶᠢ ᠴᠢᠩᠭ᠎ᠠ ᠠᠳᠬᠤᠨ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠦᠴᠢᠷ ᠢ ᠲᠤᠭᠤᠯᠤᠨ | ᠳᠠᠪᠠᠵᠤ᠂ ᠳᠤᠯᠠᠭᠠᠯᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠷᠣᠨ ᠨᠤᠲᠤᠭ ᠤᠨ ᠠᠵᠤ ᠠᠬᠤᠶᠢᠯᠠᠯ | ᠬᠠᠮᠲᠤ ᠪᠠᠷ ᠴᠢᠷᠮᠠᠶᠢᠵᠤ᠂ ᠤᠨᠢᠨ ᠳᠡᠭᠡᠷ᠎ᠡ ᠨᠢ ᠵᠣᠯᠭᠠᠭᠤᠯᠵᠤ᠂ ᠨᠢᠭᠲᠠ ᠬᠠᠮᠲᠤᠷᠠᠯᠴᠠᠨ᠂ ᠡᠨᠡ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠢᠯᠴᠢ ᠬᠠᠩᠭᠠᠬᠤ ᠠᠵᠢᠯ ᠢ | ᠰᠠᠶᠢᠲᠤᠷ ᠬᠢᠬᠦ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠦᠴᠦᠲᠡᠢ ᠪᠠᠲᠤᠯᠠᠭ᠎ᠠ ᠬᠠᠩᠭᠠᠵᠠᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠦᠮᠡᠨ ᠣᠯᠠᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠬᠤ ᠪᠣᠯ ᠢᠮᠠᠭᠲᠠ ᠡᠯ᠎ᠡ ᠱᠠᠲᠤᠨ ᠤ ᠡᠯ᠎ᠡ | ᠰᠠᠯᠠᠭ᠎ᠠ ᠮᠥᠴᠢᠷ᠂ ᠡᠯ᠎ᠡ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠢᠯᠴᠢ ᠬᠠᠩᠭᠠᠬᠤ ᠠᠵᠤ ᠠᠬᠤᠶᠢᠯᠠᠯ ᠤᠨ ᠬᠠᠮᠲᠤ ᠶᠢᠨ ᠬᠠᠷᠠᠯᠲᠠ᠂ | ᠬᠠᠮᠲᠤ ᠶᠢᠨ ᠡᠭᠦᠷᠭᠡ᠂ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠃ ᠡᠨᠡ ᠤᠳᠠᠭ᠎ᠠ ᠶᠢᠨ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ ᠶᠢ | ᠪᠠᠲᠤᠯᠠᠬᠤ ᠳᠤᠮᠳᠠ ᠤᠷᠳᠤ ᠬᠤᠭᠤᠴᠠᠭᠠᠨ ᠤ ᠭᠡᠷ᠎ᠡ ᠶᠢ ᠲᠥᠪᠯᠡᠷᠡᠭᠦᠯᠦᠨ ᠲᠣᠭᠲᠠᠭᠰᠠᠨ ᠨᠢ ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠲᠡᠢ ᠪᠣᠯᠭᠠᠬᠤ᠂ ᠦᠨ᠎ᠡ | ᠬᠠᠩᠰᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠬᠦ ᠨᠢ ᠯᠠᠪᠲᠠᠢ ᠶᠤᠮ᠃ ᠡᠯ᠎ᠡ ᠬᠤᠯᠪᠣᠭᠳᠠᠯ ᠪᠦᠬᠦᠢ | ᠭᠠᠵᠠᠷ ᠣᠷᠣᠨ ᠰᠠᠯᠠᠭ᠎ᠠ ᠮᠥᠴᠢᠷ ᠠᠵᠤ ᠠᠬᠤᠶᠢᠯᠠᠯ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠷᠠᠳ ᠤᠨ ᠲᠥᠯᠥᠭᠡ ᠵᠢᠳᠬᠦᠬᠦ | ᠰᠡᠳᠬᠢᠯ ᠢᠶᠠᠨ ᠪᠠᠲᠤ ᠰᠠᠬᠢᠵᠤ᠂ ᠭᠡᠷᠡᠲᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠤᠯᠠᠭᠠᠨ ᠱᠤᠭᠤᠮ᠂ ᠠᠶᠤᠯ ᠦᠭᠡᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ᠂ | ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠠᠵᠤ ᠠᠬᠤᠶᠢᠯᠠᠯ ᠪᠣᠯᠤᠨ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠠᠵᠤ ᠠᠬᠤᠶᠢᠯᠠᠯ ᠭᠤᠣᠯ ᠴᠣᠭᠴᠠ ᠶᠢᠨ ᠤᠬᠠᠮᠰᠠᠷ᠂ ᠬᠠᠮᠲᠤᠷᠠᠯᠴᠠᠭᠠᠨ ᠤ | ᠤᠬᠠᠮᠰᠠᠷ᠂ ᠦᠢᠯᠡᠴᠢᠯᠡᠭᠡᠨ ᠤ ᠤᠬᠠᠮᠰᠠᠷ ᠪᠣᠯᠤᠨ ᠬᠥᠭᠵᠢᠯᠲᠡ ᠶᠢᠨ ᠤᠬᠠᠮᠰᠠᠷ ᠢᠶᠠᠨ ᠪᠠᠲᠤᠳᠬᠠᠵᠤ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ | ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ | ᠲᠣᠭᠲᠠᠭᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠦᠢᠯᠡᠳᠦᠯᠭᠡᠵᠢᠭᠦᠯᠦᠭᠴᠢ᠂ ᠳᠤᠮᠳᠠ ᠣᠷᠳᠣ ᠬᠤᠭᠤᠴᠠᠭᠠᠨ ᠤ ᠭᠡᠷ᠎ᠡ ᠶᠢᠨ ᠲᠦᠷᠢᠮ ᠤᠨ ᠳᠡᠮᠵᠢᠭᠴᠢ ᠪᠠ | ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠵᠣ᠂ ᠬᠥᠯᠥᠨ ᠪᠤᠶᠢᠷ ᠤᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠬᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠬᠤ ᠶᠢ ᠪᠥᠬᠦ ᠬᠦᠴᠦᠨ ᠢᠶᠠᠷ ᠢᠶᠠᠨ ᠳᠡᠮᠵᠢᠬᠦ | ᠬᠡᠷᠡᠭᠲᠡᠢ ᠭᠡᠵᠡᠢ᠃ | |