ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠶᠢᠭᠤᠯᠭ᠎ᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠣᠯ ᠤᠳᠤᠷᠢᠳᠤᠯᠭ᠎ᠠ ᠶᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠤᠬᠠᠶ ᠲᠥᠪ ᠤᠨ ᠲᠣᠭᠲᠠᠭᠠᠯ ᠢ ᠨᠡᠶᠢᠲᠡᠯᠡᠵᠡᠢ
ᠨᠡᠶᠢᠲᠡᠯᠡᠭᠰᠡᠨ ᠴᠠᠭ᠄
2021/11/18
      ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ      11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠶᠢᠭᠤᠯᠭ᠎ᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠣᠯ ᠤᠳᠤᠷᠢᠳᠤᠯᠭ᠎ᠠ ᠶᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠤᠬᠠᠢ ᠲᠥᠪ ᠤᠨ ᠲᠣᠭᠲᠠᠭᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥ᠋ᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠬᠰᠠᠨ ᠪᠦᠬᠡᠳ ᠶᠠᠷᠢᠶ᠎ᠠ ᠲᠠᠯᠪᠢᠪᠠ᠃

1.jpg

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ

ᠬᠤᠷᠠᠯ ᠢ ᠡᠷᠭᠢᠯᠡᠭᠰᠡᠨ ᠪᠥᠭᠡᠳ ᠲᠥᠪ ᠤᠨ ᠪᠢᠴᠢᠭ ᠮᠠᠲ᠋ᠧᠷᠢᠶᠠᠯ ᠢ ᠤᠩᠰᠢᠨ ᠨᠡᠶᠢᠲᠡᠯᠡᠪᠡ᠃ ᠯᠢᠦ ᠱᠤᠸᠠᠩ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠭᠡᠰᠢᠭᠦᠨ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠱᠦᠵᠢ ᠶᠢᠨ ᠲᠤᠰᠢᠶᠠᠯ ᠢ ᠡᠭᠦᠷᠭᠡᠯᠡᠵᠦ᠂ ᠯᠢᠦ ᠴᠢ ᠹᠠᠨ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠭᠡᠰᠢᠭᠦᠨ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠢᠨ ᠲᠤᠰᠢᠶᠠᠯ ᠢ ᠲᠠᠬᠢᠨ ᠡᠬᠦᠷᠭᠡᠯᠡᠬᠦ ᠦᠭᠡᠢ᠃

2.jpg

      ᠱᠢ ᠲᠠᠢ ᠹᠧᠩ ᠶᠠᠷᠢᠶᠠᠨ ᠳᠠᠭᠠᠨ᠂ ᠯᠢᠦ ᠱᠤᠸᠠᠩ ᠨᠥᠬᠦᠷ ᠢ ᠥᠪᠥᠷ ᠮᠣᠩᠭᠤᠯ ᠳᠤ ᠰᠣᠩᠭᠤᠨ ᠲᠣᠮᠢᠯᠠᠵᠤ ᠠᠵᠢᠯᠯᠠᠭᠤᠯᠬᠤ ᠪᠣᠯ ᠨᠠᠮ ᠤᠨ ᠲᠥᠪ

ᠬᠤᠷᠢᠶ᠎ᠠ ᠠᠴᠠ ᠪᠥᠬᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠶᠡᠭᠡ ᠲᠠᠯ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢᠨ ᠬᠡᠷᠡᠭᠴᠡᠭᠡ ᠳᠤ ᠠᠩᠬᠠᠷᠤᠯ ᠲᠦᠪᠯᠡᠷᠡᠬᠦᠯᠦᠨ᠂ ᠪᠥᠬᠦ ᠲᠠᠯ᠎ᠠ ᠪᠠᠷ ᠪᠣᠳᠣᠯᠬᠢᠯᠠᠵᠤ᠂ ᠪᠣᠯᠭᠤᠮᠵᠢᠲᠠᠶ

ᠰᠤᠳᠤᠯᠤᠨ ᠭᠠᠷᠭᠠᠭᠰᠠᠨ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠪᠤᠯᠤᠨ᠎ᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ

ᠥᠪᠥᠷ ᠮᠣᠩᠭᠤᠯ ᠤᠨ ᠤᠳᠤᠷᠢᠳᠬᠤ ᠪᠠᠭ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠶᠴᠡᠳ ᠬᠠᠷᠠᠭᠤᠯᠵᠤ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠲᠥᠪ

ᠬᠤᠷᠢᠶᠠᠨ ᠤ ᠲᠤᠬᠳᠠᠭᠠᠯ ᠢ ᠡᠷᠡᠰ ᠬᠦᠷᠢᠶᠡᠯᠡᠨ᠎ᠡ ᠭᠡᠵᠤ ᠵᠢᠭᠠᠵᠤ ᠭᠠᠷᠭᠠᠪᠠ᠃

      ᠱᠢ ᠲᠠᠢ ᠹᠧᠩ᠂ ᠣᠶᠢᠷ᠎ᠠ ᠶᠢᠨ ᠲᠠᠪᠤᠨ ᠵᠢᠯ ᠳᠤ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠣᠷᠣᠨ ᠤ ᠡᠯ᠎ᠡ

ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠮ ᠤᠨ ᠲᠥᠪ ᠬᠤᠷᠢᠶ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ

ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ

ᠲᠥᠪᠯᠡᠷᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠭᠡᠵᠦ᠂ ᠵᠣᠷᠢᠭᠲᠠᠶ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠷᠡᠰ

ᠬᠦᠴᠦᠲᠡᠶ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠨ᠂ ᠡᠯ᠎ᠡ ᠵᠦᠶᠯ ᠤᠨ ᠠᠵᠢᠯ ᠴᠥᠮ ᠢᠯᠡᠳᠲᠡ ᠦᠷ᠎ᠡ ᠪᠦᠲᠦᠮᠵᠢ

ᠣᠯᠵᠤ᠂ ᠪᠥᠬᠦ ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠪᠠᠲᠤᠯᠠᠵᠠᠢ ᠭᠡᠵᠤ ᠵᠢᠭᠠᠵᠤ ᠭᠠᠷᠭᠠᠪᠠ᠃

ᠲᠡᠷᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠢᠯᠵᠡᠷᠠᠯ ᠢ ᠡᠰᠡᠷᠭᠦᠴᠡᠬᠦ

ᠲᠡᠮᠡᠴᠡᠯ ᠥᠷᠨᠢᠭᠦᠯᠬᠦ ᠴᠢᠬᠤᠯᠠ ᠬᠦᠴᠦᠨ ᠮᠥᠨ᠂ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ

ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠨᠠᠮ ᠤᠨ ᠰᠤᠷᠲᠠᠯ

ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠢ ᠰᠡᠷᠭᠡᠭ ᠢᠶᠠᠷ ᠲᠠᠨᠢᠵᠤ᠂

ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠢᠮᠠᠭᠲᠠ ︽ᠰᠢᠯᠭᠠᠯᠲᠠ ᠳᠤ ᠣᠷᠣᠯᠴᠠᠬᠤ︾

ᠬᠤᠷᠴᠠ ᠰᠡᠷᠭᠡᠭ ᠪᠠᠶᠢᠳᠠᠯ ᠢᠶᠠᠷ ᠭᠤᠤᠯ ᠬᠥᠭ ᠠᠶᠠᠰ ᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠰᠢᠰᠲ᠋ᠧᠮ ᠲᠠᠢ ᠵᠠᠰᠠᠬᠤ᠂ ᠥᠩᠭᠡᠨ ᠲᠠᠯ᠎ᠠ ᠪᠠ

ᠦᠨᠳᠦᠰᠦ ᠠᠴᠠ ᠨᠢ ᠵᠠᠰᠠᠬᠤ ᠣᠶᠢᠯᠠᠭᠠᠭᠳᠠᠬᠤᠨ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠨ᠂ ᠢᠯᠵᠡᠷᠡᠯ ᠢ ᠵᠠᠰᠠᠬᠤ

ᠦᠢᠯᠡᠳᠦᠯ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠳᠣᠬᠢᠴᠢᠯᠠᠭᠰᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠨᠠᠩ ᠰᠠᠶᠢᠨ ᠬᠠᠮᠠᠭᠠᠯᠠᠬᠤ

ᠬᠡᠷᠡᠭᠲᠡᠶ᠃ ︽ᠤᠯᠤᠰ ᠤᠨ ᠶᠡᠭᠡ ᠶᠠᠪᠤᠲᠠᠯ︾ ᠢ ᠰᠡᠳᠭᠢᠯ ᠳᠡᠭᠡᠨ ᠪᠤᠳᠤᠵᠤ᠂ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠨᠠᠮ ᠪᠣᠯᠤᠨ ᠤᠯᠤᠰ ᠤᠨ

ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ ᠤᠯᠤᠰ ᠲᠦᠷᠦ ᠶᠢᠨ ᠬᠢᠨᠠᠯᠲᠠ ᠲᠡᠨᠳᠡ ᠬᠦᠷᠲᠡᠯ᠎ᠡ ᠲᠠᠭᠠᠬᠤ ᠶᠢ ᠪᠠᠷᠢᠮᠳᠠᠯᠠᠵᠤ᠂ ᠨᠠᠮ ᠤᠨ ᠲᠥᠪ ᠬᠤᠷᠢᠶᠠᠨ ᠤ

ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠥᠪᠥᠷ ᠮᠣᠩᠭᠤᠯ ᠳᠤ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃

ᠢᠯᠵᠠᠷᠡᠯ ᠢ ᠴᠢᠩᠭ᠎ᠠ ᠰᠢᠢᠳᠭᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ

ᠲᠦᠷᠦ ᠶᠢᠨ ᠠᠰᠠᠭᠤᠳᠠᠯ ᠪᠣᠯᠤᠨ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠢᠷᠡᠯ ᠤᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ ᠦᠩᠭᠡᠨ ᠲᠠᠯ᠎ᠠ ᠪᠠ

ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦ ᠠᠴᠠ ᠨᠢ ᠵᠠᠰᠠᠬᠤ ᠰᠠᠭᠤᠷᠢ ᠶᠢ ᠪᠠᠬᠢᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ

ᠪᠠᠷᠢᠮᠲᠠᠯᠠᠵᠤ᠂ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠬᠦᠴᠦᠯᠡᠨ ᠴᠡᠪᠡᠷᠰᠢᠭᠦᠯᠵᠦ ᠰᠡᠷᠭᠦᠭᠡᠬᠦ ᠬᠡᠷᠡᠭᠲᠡᠢ᠃ ᠲᠦᠷᠢᠮ ᠤᠨ

ᠳᠤᠲᠠᠭᠤᠳᠠᠯ᠂ ᠵᠠᠰᠠᠯᠳᠠ ᠶᠢᠨ ᠲᠤᠳᠠᠭᠤᠳᠠᠯ ᠢ ᠲᠦᠷᠭᠡᠨ ᠨᠥᠬᠦᠪᠥᠷᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠤ

ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠴᠢᠩᠭ᠎ᠠ ᠬᠤᠷᠢᠭᠯᠠᠵᠤ᠂ ᠤᠯᠠᠨ ᠲᠦᠮᠡᠨ ᠤ

ᠳᠡᠷᠭᠡᠳᠡᠬᠢ ᠢᠯᠵᠡᠷᠡᠯ ᠪᠣᠯᠤᠨ ᠰᠤᠷᠲᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ

ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠦᠷᠦᠭᠦᠯᠡᠨ ᠴᠢᠩᠭᠠᠳᠬᠠᠵᠤ᠂ ᠲᠤᠰᠬᠠᠶᠢᠵᠢᠭᠰᠠᠨ ᠴᠢᠳᠠᠪᠤᠷᠢ ᠪᠠᠨ ᠳᠡᠭᠡᠭᠰᠢᠯᠡᠭᠦᠯᠬᠦ ᠶᠢ

ᠴᠢᠬᠤᠯᠠᠴᠢᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠷᠬᠡ ᠶᠢᠨ ᠵᠠᠭᠠᠭ ᠬᠢᠵᠠᠭᠠᠷ ᠢ ᠴᠢᠩᠭ᠎ᠠ ᠰᠠᠬᠢᠵᠤ᠂ ᠥᠪᠥᠷ ᠮᠣᠩᠭᠤᠯ ᠤᠨ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠪᠠᠳᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠡᠮᠡᠴᠡᠯ ᠤᠨ

ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠵᠢᠮ᠎ᠡ ᠶᠣᠰᠣ ᠶᠢ ᠡᠵᠡᠮᠰᠢᠵᠦ᠂ ᠬᠦᠴᠢᠷ ᠪᠡᠷᠬᠡ ᠠᠴᠠ ᠠᠶᠤᠬᠤ ᠦᠭᠡᠢ᠂

ᠬᠠᠳᠠᠭᠤ ᠪᠡᠷᠬᠡᠰᠢᠶᠡᠯ ᠠᠴᠠ ᠠᠶᠤᠬᠤ ᠦᠭᠡᠢ ᠪᠠᠶᠢᠵᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠯᠢᠪᠠ ᠠᠵᠢᠯᠯᠠᠭ᠎ᠠ ᠲᠠᠢ ᠡᠷᠡᠰ ᠲᠡᠮᠡᠴᠡᠬᠦ ᠬᠡᠷᠡᠭᠲᠡᠢ᠃

ᠡᠯ᠎ᠡ ᠱᠠᠲᠤᠨ ᠤ ᠨᠠᠮ ᠤᠨ ᠬᠤᠷᠢᠶ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠢᠶᠠᠨ ᠥᠷᠨᠢᠭᠦᠯᠬᠦ ᠶᠢ ᠪᠦᠬᠦ ᠬᠦᠴᠦ ᠪᠠᠷ ᠢᠶᠠᠨ ᠳᠡᠮᠵᠢᠬᠦ

ᠬᠡᠷᠡᠭᠲᠡᠢ ᠭᠡᠵᠤ ᠴᠢᠬᠤᠯᠠᠴᠢᠯᠠᠪᠠ᠃

3.jpg 

4.jpg

 

      ᠬᠤᠷᠠᠯ ᠳᠡᠭᠡᠷ᠎ᠡ᠂ ᠯᠢᠦ ᠴᠢ ᠹᠠᠨ᠂ ᠯᠢᠦ ᠱᠤᠸᠠᠩ ᠤᠷᠢᠳ ᠬᠤᠵᠢᠳ ᠣᠪᠣᠷ ᠢᠶᠠᠨ ᠢᠯᠡᠳᠭᠡᠬᠦ ᠦᠭᠡ ᠬᠡᠯᠡᠪᠡ᠃

      ᠯᠢᠦ ᠴᠢ ᠹᠠᠨ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠲᠠᠭᠠᠨ᠎ᠠ᠂ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ

ᠬᠢᠨᠠᠨ ᠪᠠᠶᠢᠴᠠᠭᠠᠬᠤ ᠺᠠᠳ᠋ᠷ ᠯᠢᠦ ᠱᠤᠸᠠᠩ ᠨᠥᠬᠦᠷ ᠤᠨ ᠠᠵᠢᠯ ᠢ ᠪᠦᠬᠦ ᠬᠦᠴᠦ ᠪᠠᠷ ᠢᠶᠠᠨ ᠲᠡᠮᠵᠢᠵᠤ᠂ ᠰᠢᠨ᠎ᠡ ᠭᠠᠷᠤᠭ᠎ᠠ ᠳᠡᠭᠡᠷ᠎ᠡ ᠨᠡᠩ ᠶᠡᠭᠡ ᠰᠢᠨ᠎ᠡ ᠠᠮᠵᠢᠯᠲᠠ

ᠪᠦᠲᠦᠮᠵᠢ ᠡᠭᠦᠳᠬᠦ ᠶᠢ ᠬᠦᠰᠡᠵᠦ ᠪᠠᠶᠢᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠪᠣᠯ ᠨᠠᠮ ᠤᠨ

ᠮᠠᠨᠳᠤᠵᠤ ᠮᠥᠬᠦᠬᠦ ᠲᠠᠢ ᠬᠤᠯᠪᠣᠭᠳᠠᠵᠤ᠂ ᠤᠯᠤᠰ ᠣᠷᠣᠨ ᠤ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠲᠠᠢ ᠬᠤᠯᠪᠣᠭᠳᠠᠵᠤ᠂ ᠠᠷᠠᠳ ᠲᠦᠮᠡᠨ ᠤ ᠵᠣᠯ ᠵᠢᠷᠭᠠᠯ

ᠠᠮᠤᠷ ᠠᠮᠤᠭᠤᠯᠠᠩ ᠲᠠᠢ ᠬᠤᠯᠪᠣᠭᠳᠠᠬᠤ ᠨᠢᠭᠡᠨ ᠲᠤᠮᠤ ᠬᠥᠯᠭᠡ ᠰᠢᠳᠡᠷ᠎ᠠ ᠮᠥᠨ᠃ 5 ᠵᠢᠯ ᠤᠨ ᠲᠤᠷᠰᠢ᠂ ᠪᠢ ᠪᠦᠬᠦ ᠣᠷᠣᠨ ᠤ ᠥᠷᠭᠡᠨ ᠤᠯᠠᠨ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠲᠠᠢ ᠬᠠᠮᠲᠤ ᠪᠠᠷ᠂ ᠨᠠᠮ ᠤᠨ ᠲᠥᠪ ᠬᠤᠷᠢᠶᠠᠨ ᠤ ᠢᠯᠵᠠᠷᠡᠯ ᠢ ᠡᠰᠡᠷᠭᠦᠴᠡᠬᠦ ᠪᠠᠶᠢᠷᠢᠰᠢᠭᠤᠯᠤᠯᠲᠠ ᠶᠣᠰᠣᠭᠠᠷ ᠠᠵᠢᠯᠯᠠᠵᠤ᠂

ᠥᠪᠥᠷ ᠮᠣᠩᠭᠤᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠬᠠᠮᠤᠭ ᠤᠨ ᠪᠠᠲᠤ ᠴᠡᠭᠡᠵᠢᠯᠡᠭᠦᠰᠢᠲᠡᠢ

ᠴᠠᠭ ᠬᠤᠭᠤᠴᠠᠭ᠎ᠠ ᠶᠢ ᠥᠩᠭᠡᠷᠡᠭᠦᠯᠵᠡᠢ᠃ ᠬᠤᠶᠢᠰᠢᠳᠠ᠂ ᠬᠡᠵᠢᠶ᠎ᠡ ᠬᠠᠮᠢᠭ᠎ᠠ ᠪᠠᠶᠢᠭᠰᠠᠨ ᠴᠤ᠂ ᠪᠢ ᠥᠨᠢ ᠡᠭᠦᠷᠢᠳᠡ ᠨᠠᠮ ᠪᠠ ᠠᠷᠠᠳ ᠲᠦᠮᠡᠨ ᠤ ︽ᠰᠢᠳᠠᠷ᠎ᠠ︾

ᠪᠤᠯᠵᠤ᠂ ︽ᠠᠮᠢ ᠪᠡᠶ᠎ᠡ ᠪᠠᠨ ᠪᠤᠳᠤᠬᠤ ᠦᠭᠡᠢ ᠪᠠᠷ ᠠᠵᠢᠯᠯᠠᠬᠤ︾ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠤᠪᠢ ᠬᠥᠮᠦᠨ ᠤ ᠣᠯᠵᠤ

ᠠᠯᠳᠠᠬᠤ ᠶᠢ ᠪᠤᠳᠤᠬᠤ ᠦᠭᠡᠢ᠂ ᠨᠠᠮ ᠪᠠ ᠤᠯᠤᠰ ᠤᠨ ᠠᠵᠢᠯ ᠦᠢᠯᠡᠰ ᠤᠨ ᠲᠥᠯᠥᠭᠡ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠭᠡᠨ᠎ᠡ︔ ︽ᠶᠠᠭᠤᠨ ᠠᠴᠠ

ᠴᠦ ᠰᠦᠷᠳᠡᠬᠦ ᠦᠭᠡᠢ ᠪᠠᠷ ᠲᠡᠮᠡᠴᠡᠬᠦ︾ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠭᠤᠨ ᠠᠴᠠ

ᠴᠤ ᠠᠶᠤᠬᠤ ᠦᠭᠡᠢ ᠬᠤᠪᠢᠰᠬᠠᠯᠲᠤ ᠵᠣᠷᠢᠭ ᠰᠠᠨᠠᠭ᠎ᠠ ᠪᠠᠷ ᠢᠯᠵᠠᠷᠠᠯ ᠢ ᠡᠰᠡᠷᠭᠦᠴᠡᠬᠦ ᠲᠡᠮᠡᠴᠡᠯ ᠢ ᠡᠴᠦᠰ ᠲᠤᠨᠢ ᠲᠤᠯᠲᠠᠯ᠎ᠠ ᠬᠢᠨ᠎ᠡ︔ ︽ᠠᠮᠵᠢᠯᠳᠠ ᠤᠯᠤᠬᠰᠠᠨ ᠴᠦ

ᠬᠤᠪᠢ ᠪᠠᠨ ᠪᠤᠳᠤᠬᠤ ᠦᠭᠡᠢ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠶᠠᠮᠠᠷ ᠴᠤ ᠬᠠᠷᠠᠮᠰᠠᠯ ᠦᠯᠡᠳᠡᠭᠡᠬᠦ ᠦᠭᠡᠢ ᠪᠠᠷ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ ᠭᠡᠵᠤ ᠢᠯᠡᠳᠭᠡᠪᠡ᠃

      ᠯᠢᠦ ᠱᠤᠸᠠᠩ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠲᠠᠭᠠᠨ᠎ᠠ᠂ ᠬᠤᠶᠢᠰᠢᠳᠠ ᠶᠢᠨ ᠠᠵᠢᠯ ᠤᠨ ᠳᠤᠮᠳᠠ᠂ ᠪᠢ

ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ

ᠴᠢᠩᠭ᠎ᠠ ᠤᠳᠤᠷᠢᠳᠤᠯᠭ᠎ᠠ ᠳᠣᠣᠷ᠎ᠠ᠂ ᠯᠢᠦ ᠴᠢ ᠹᠠᠨ ᠨᠥᠬᠦᠷ ᠤᠨ ᠤᠯᠠᠨ ᠢ ᠳᠠᠭᠠᠭᠤᠯᠤᠨ ᠣᠯᠤᠭᠰᠠᠨ ᠰᠢᠯᠢᠳᠡᠭ ᠠᠮᠵᠢᠯᠲᠠ ᠪᠠ ᠪᠠᠲᠤ ᠴᠢᠩᠭ᠎ᠠ ᠠᠵᠢᠯ ᠤᠨ ᠰᠠᠭᠤᠷᠢᠨ

ᠳᠡᠭᠡᠷ᠎ᠡ᠂ ᠱᠢ ᠲᠠᠢ ᠹᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠣᠰᠣᠭᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ

ᠵᠥᠪᠯᠡᠯ ᠤᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠎ᠡ᠃ ᠰᠢ

 ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂

ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ

ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ

ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠦᠨᠡᠨ ᠠᠴᠠ ᠵᠥᠪ ᠢ ᠡᠷᠢᠬᠦ᠂ ᠲᠦᠷᠢᠮ

ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠲᠠᠰᠤᠷᠠᠯᠳᠠ ᠦᠭᠡᠢ

ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠶᠢ ᠪᠣᠳᠠᠲᠠᠶᠢᠵᠢᠭᠤᠯᠵᠤ᠂ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ

ᠡᠰᠡᠷᠭᠦᠴᠡᠨ᠂ ᠰᠢᠰᠲ᠋ᠧᠮ ᠲᠠᠢ ᠲᠥᠯᠥᠪᠵᠢᠭᠦᠯᠬᠦ᠂ ᠬᠦᠷᠢᠶ᠎ᠡ ᠴᠠᠷᠠᠭ᠎ᠠ ᠶᠢᠨ ᠵᠠᠰᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠶ᠎ᠠ ᠳᠤ ᠬᠠᠮᠵᠢᠯᠴᠠᠨ ᠪᠦᠬᠦ

ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠬᠦᠯᠬᠦ ᠶᠢ ᠠᠬᠢᠭᠤᠯᠤᠨ᠎ᠠ᠃ ᠲᠡᠮᠦᠷ ᠢ ᠳᠠᠪᠲᠠᠬᠤ ᠳᠤ ᠵᠠᠪᠠᠯ ᠥᠪᠡᠷ ᠢᠶᠠᠨ ᠬᠠᠲᠠᠭᠤ

ᠪᠠᠶᠢᠬᠤ ᠶᠢ ᠪᠠᠷᠢᠮᠲᠠᠯᠠᠵᠤ᠂ ᠬᠠᠮᠤᠭ ᠤᠨ ᠴᠢᠩᠭ᠎ᠠ ᠬᠢᠨᠠᠯᠲᠠ ᠪᠠ ᠬᠢᠵᠠᠭᠠᠷᠯᠠᠯ ᠢ ᠲᠦ᠋ᠷᠦᠭᠦᠯᠡᠨ ᠬᠦᠯᠢᠶᠡᠨ᠎ᠡ︔ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ

ᠬᠢᠨᠠᠮᠠᠭᠠᠶ ᠭᠦᠢᠴᠡᠳᠭᠡᠵᠦ᠂ ᠪᠠᠭ ᠤᠨ ᠪᠦᠷᠢᠯᠳᠦᠬᠦᠨ ᠨᠦᠭᠦᠳ ᠲᠠᠢ ᠬᠠᠮᠲᠤ ᠪᠠᠷ ᠪᠦᠯᠬᠦᠮᠳᠡᠨ ᠠᠵᠢᠯᠯᠠᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠠᠵᠢᠯ ᠢᠶᠠᠨ

ᠰᠠᠶᠢᠲᠤᠷ ᠬᠢᠨ᠎ᠡ︔ ᠲᠦᠷᠦᠭᠦᠯᠡᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠥᠪᠡᠷ ᠢ ᠪᠠᠨ ᠰᠠᠶᠢᠲᠤᠷ ᠬᠠᠮᠢᠶᠠᠷᠴᠤ᠂ ᠭᠡᠷ

ᠪᠦᠯᠢ ᠪᠠᠨ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠦᠨ ᠢᠶᠠᠨ ᠰᠠᠶᠢᠲᠤᠷ ᠬᠠᠮᠢᠶᠠᠷᠴᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ

ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠪᠠᠲᠤᠯᠠᠨ᠎ᠠ ᠭᠡᠵᠦ ᠢᠯᠡᠳᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ