ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠢᠲᠤᠷ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/19
     ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠢᠲᠤᠷ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ      ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠪᠢᠴᠢᠭ ᠮᠠᠲ᠋ᠧᠷᠢᠶᠠᠯ      ᠦᠪᠦᠷ ᠵᠠᠰᠠᠭ ᠠᠯᠪᠠᠨ ᠦᠰᠦᠭ ﹇2021﹈ 45 ᠳ᠋ᠤᠭᠠᠷ ᠲᠣᠭᠠᠲᠤ            ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠦᠢᠯᠡᠴᠢᠯᠡᠭᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠬᠢᠨᠠᠯᠲᠠ ᠬᠠᠮᠢᠶᠠᠷᠤᠯᠲᠠ ᠬᠢᠬᠦ ᠡᠭᠦᠷᠭᠡ ᠬᠠᠷᠢᠭᠤᠴᠠᠯᠭ᠎ᠠ ᠶᠢ ᠲᠤᠳᠤᠷᠬᠠᠢ ᠲᠣᠭᠲᠠᠭᠠᠬᠤ ᠬᠡᠷᠡᠭᠲᠡᠢ      ︵ᠨᠢᠭᠡ︶ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠲᠣᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠴᠢ ᠲᠤᠰᠠᠭᠠᠷ ᠪᠠᠶᠢᠭᠤᠯᠤᠭᠰᠠᠨ ᠦᠭᠡᠢ ᠪᠣᠯᠪᠠᠴᠤ ᠨᠠᠮ ᠤᠨ ᠪᠠᠶᠢᠭᠤᠯᠭ᠎ᠠ ᠶᠢᠨ ᠨᠡᠷ᠎ᠡ ᠳᠣᠣᠷ᠎ᠠ ᠭᠠᠳᠠᠭᠰᠢ ᠪᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠫᠠᠶᠢᠰᠠ ᠡᠯᠭᠦᠭᠰᠡᠨ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠷᠬᠡ ᠲᠤᠰᠢᠶᠠᠯ ᠲᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠨ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠳᠤ ᠨᠢᠭᠡᠨᠲᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃      ︵ᠬᠤᠶᠠᠷ︶ ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠣᠯ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠴᠢᠯᠠᠨ ᠬᠠᠮᠢᠶᠠᠷᠬᠤ ᠨᠢᠭᠡᠴᠢ ᠪᠠᠶᠢᠵᠤ᠂ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠦᠳᠣᠭᠡᠨ ᠪᠠᠶᠢᠭᠤᠯᠤᠯᠲᠠ ᠪᠠ ᠬᠥᠭᠵᠢᠯᠲᠡ ᠶᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠰᠢᠯᠭᠠᠨ ᠬᠢᠨᠠᠬᠤ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠭᠤᠤᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠨᠢᠭᠡᠳᠦᠯᠲᠡᠶ ᠲᠦᠯᠣᠪᠵᠢᠭᠦᠯᠭᠦ ᠪᠠ ᠡᠳᠦᠷ ᠲᠤᠲᠤᠮ ᠤᠨ ᠬᠢᠨᠠᠨ ᠰᠢᠡᠵᠢᠭᠦ ᠶᠢ ᠬᠠᠷᠢᠭᠤᠴᠠᠬᠤ ᠪᠦᠭᠡᠳ ᠰᠦᠯᠵᠢᠶᠡᠨ ᠥᠷᠲᠡᠭᠡ ᠶᠢᠨ ᠨᠡᠭᠡᠭᠡᠨ ᠡᠷᠭᠢᠯᠡᠵᠦ ᠡᠮᠬᠢᠯᠡᠨ ᠨᠡᠶᠢᠯᠡᠭᠦᠯᠬᠦ᠂ ᠠᠮᠤᠷ ᠲᠦᠪᠰᠢᠨ ᠤ ᠬᠠᠮᠢᠶᠠᠷᠤᠯᠲᠠ᠂ ᠰᠢᠯᠭᠠᠨ ᠬᠢᠨᠠᠵᠤ ᠦᠨᠡᠯᠡᠬᠦ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠠᠵᠢᠯ ᠤᠳ ᠢ ᠰᠠᠶᠢᠲᠤᠷ ᠬᠢᠬᠦ ᠶᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠠᠭᠤᠴᠢᠯᠠᠭᠤᠷ ᠢ ᠪᠦᠷᠢᠳᠭᠡᠨ ᠳᠠᠩᠰᠠᠯᠠᠵᠤ ᠬᠠᠮᠢᠶᠠᠷᠬᠤ᠂ ᠨᠡᠭᠡᠭᠡᠨ ᠡᠷᠭᠢᠯᠡᠵᠦ ᠬᠠᠭᠠᠵᠤ ᠵᠣᠭᠰᠣᠭᠠᠬᠤ᠂ ᠡᠮᠬᠢᠯᠡᠨ ᠨᠡᠶᠢᠯᠡᠭᠦᠯᠵᠦ ᠬᠦᠴᠦᠨ ᠥᠬᠡᠶ ᠪᠣᠯᠭᠠᠬᠤ᠂ ᠡᠳᠦᠷ ᠲᠤᠲᠤᠮ ᠤᠨ ᠬᠢᠨᠠᠨ ᠰᠢᠨᠵᠢᠬᠦ᠂ ᠵᠣᠬᠢᠴᠠᠭᠤᠯᠤᠨ ᠲᠣᠬᠢᠷᠠᠭᠤᠯᠵᠤ ᠬᠢᠨᠠᠯᠲᠠ ᠲᠠᠯᠪᠢᠬᠤ ᠵᠡᠷᠭᠡ ᠠᠵᠢᠯ ᠤᠳ ᠢ ᠬᠠᠷᠢᠭᠤᠴᠠᠨ᠎ᠠ᠃ ᠪᠠᠶᠢᠭᠤᠯᠤᠮᠵᠢ ᠶᠢᠨ ᠣᠷᠣᠨ ᠲᠤᠭ᠎ᠠ᠂ ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠬᠠᠮᠵᠢᠯᠴᠠᠨ ᠬᠢᠨᠠᠵᠤ ᠬᠠᠮᠢᠶᠠᠷᠬᠤ ᠨᠢᠭᠡᠴᠢ ᠪᠣᠯᠤᠭᠰᠠᠨ ᠤ ᠬᠤᠪᠢ ᠳᠤ᠂ ᠰᠦᠯᠵᠢᠶᠡᠨ ᠥᠷᠲᠡᠭᠡ ᠶᠢᠨ ᠢᠯᠡᠷᠬᠡᠢᠯᠡᠭᠴᠢ᠂ ᠳ᠋ᠣᠮᠠᠶᠢᠨ ᠨᠡᠷ᠎ᠡ ᠪᠠ ᠢᠨᠲ᠋ᠧᠷᠨᠧᠲ ᠤᠨ ᠠᠭᠤᠯᠭ᠎ᠠ ᠬᠠᠩᠭᠠᠭᠴᠢ ︵ICP︶ ᠶᠢ ᠪᠦᠷᠢᠳᠭᠡᠨ ᠳᠠᠩᠰᠠᠯᠠᠵᠤ ᠬᠠᠮᠢᠶᠠᠷᠬᠤ᠂ ᠠᠮᠤᠷ ᠲᠦᠪᠰᠢᠨ ᠤ ᠵᠡᠷᠭᠡ ᠳᠡᠰ ᠢ ᠨᠢ ᠬᠠᠮᠠᠭᠠᠯᠠᠬᠤ ᠵᠡᠷᠭᠡ ᠠᠵᠢᠯ ᠤᠳ ᠢ ᠬᠠᠮᠲᠤ ᠳᠤ ᠪᠠᠨ ᠰᠠᠶᠢᠲᠤᠷ ᠬᠢᠬᠦ ᠬᠡᠷᠡᠭᠲᠡᠶ᠃      ︵ᠭᠤᠷᠪᠠ︶ ᠭᠤᠣᠯᠴᠢᠯᠠᠨ ᠡᠷᠭᠢᠯᠡᠬᠦ ᠡᠭᠦᠷᠭᠡ ᠬᠠᠷᠢᠭᠤᠴᠠᠯᠭ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠠᠯᠪᠠᠨ ᠬᠡᠷ ᠨᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠣᠯᠴᠢᠯᠠᠨ ᠡᠷᠬᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠣᠯᠴᠢᠯᠠᠨ ᠡᠷᠭᠢᠯᠡᠬᠦ ᠨᠢᠭᠡᠴᠢ ᠨᠢ ᠰᠦᠯᠵᠢᠶᠡᠨ ᠥᠷᠲᠡᠭᠡ ᠪᠠ ᠰᠢᠨ᠎ᠡ ᠵᠠᠭᠤᠴᠢᠯᠠᠭᠤᠷ ᠤᠨ ᠲᠦᠯᠦᠪᠵᠢᠭᠦᠯᠦᠨ ᠪᠦᠲᠦᠭᠡᠨ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠡᠷᠡᠭᠦᠯ ᠢᠶᠠᠷ ᠬᠥᠭᠵᠢᠭᠦᠯᠬᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠣᠰ ᠨᠢᠭᠡᠴᠢ ᠶᠢᠨ ᠢᠶᠠᠨ ᠳᠣᠲᠣᠭᠠᠳᠤ ᠳᠤ ᠪᠠᠨ ᠪᠠᠶᠢᠭᠤᠯᠤᠭᠰᠠᠨ ᠪᠠᠶᠢᠭᠤᠯᠤᠮᠵᠢ ᠶᠢ ᠵᠢᠭᠠᠨ ᠲᠣᠭᠲᠠᠭᠠᠬᠤ ᠪᠤᠶᠤ ᠪᠤᠰᠤᠳ ᠲᠤᠰᠬᠠᠶ ᠪᠠᠶᠢᠭᠤᠯᠤᠮᠵᠢ ᠳᠤ ᠨᠠᠶᠢᠳᠠᠵᠤ ᠳᠠᠭᠠᠭᠠᠨ ᠭᠦᠢᠴᠡᠳᠬᠡᠬᠦ ᠨᠢᠭᠡᠴᠢ ᠪᠣᠯᠭᠠᠵᠤ᠂ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠳᠦᠷ ᠲᠤᠲᠤᠮ ᠤᠨ ᠠᠵᠢᠯᠯᠠᠭᠤᠯᠵᠤ ᠪᠠᠲᠤᠯᠠᠬᠤ ᠠᠵᠢᠯ ᠢ ᠪᠣᠳᠠᠲᠠᠶ ᠡᠭᠦᠷᠭᠡᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠭᠤᠤᠯᠴᠢᠯᠠᠨ ᠬᠠᠮᠢᠶᠠᠷᠴᠤ ᠡᠷᠭᠢᠯᠡᠬᠦ ᠪᠠ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠤᠬᠠᠭᠤᠯᠭ᠎ᠠ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠤᠷᠸ᠎ᠠ ᠬᠠᠮᠢᠶᠠᠷᠤᠯᠲᠠ ᠶᠢ ᠬᠦᠯᠢᠶᠡᠨ ᠠᠪᠬᠤ ᠬᠡᠷᠡᠭᠲᠡᠶ᠃      ᠬᠤᠶᠠᠷ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ      ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃      1. ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠦᠭᠰᠡᠨ ᠲᠠᠪᠴᠠᠩ ᠢ ᠵᠢᠷᠤᠮᠵᠢᠭᠤᠯᠤᠨ ᠪᠠᠶᠢᠭᠤᠯᠬᠤ ᠬᠡᠷᠡᠭᠲᠡᠢ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠡᠷᠴᠢᠮᠵᠢᠭᠦᠯᠦᠭᠰᠡᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠦᠯᠵᠢᠶ᠎ᠡ ᠪᠦᠬᠦᠨ ᠢ ᠲᠣᠰ ᠡᠷᠴᠢᠮᠵᠢᠭᠦᠯᠦᠭᠰᠡᠨ ᠲᠠᠪᠴᠠᠩ ᠳᠤ ᠰᠢᠯᠵᠢᠭᠦᠯᠦᠨ᠎ᠡ︔ ᠡᠯ᠎ᠡ ᠠᠶᠢᠮᠠᠭ ᠬᠤᠲᠠ ᠨᠢ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠴᠤᠭᠯᠠᠷᠠᠯ ᠤᠨ ᠲᠠᠪᠴᠠᠩ ᠢᠶᠠᠨ ᠲᠠᠰ ᠳᠡᠪᠰᠢᠭᠦᠯᠦᠨ ᠡᠷᠴᠢᠮᠵᠢᠭᠦᠯᠦᠭᠰᠡᠨ ᠲᠠᠪᠴᠠᠩ ᠪᠣᠯᠭᠠᠨ ᠥᠭᠡᠷᠡᠴᠢᠯᠡᠬᠦ ᠶᠢᠨ ᠬᠠᠮᠲᠤ᠂ ᠬᠠᠷᠢᠶ᠎ᠠ ᠣᠷᠣᠨ ᠳᠠᠬᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ︵ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠥᠷᠲᠡᠭᠡ ᠪᠠᠭᠲᠠᠨ᠎ᠠ︶ ᠪᠦᠬᠦᠨ ᠢ ᠲᠣᠰ ᠱᠠᠲᠤᠨ ᠤ ᠡᠷᠴᠢᠮᠵᠢᠭᠦᠯᠦᠭᠰᠡᠨ ᠲᠠᠪᠴᠠᠩ ᠳᠤ ᠰᠢᠯᠵᠢᠭᠦᠯᠭᠦ ᠬᠡᠷᠩᠳᠠᠢ᠃ ᠡᠯ᠎ᠡ ᠠᠶᠢᠮᠠᠭ ᠬᠤᠲᠠ ᠨᠢ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠳᠤ ᠲᠦᠰᠢᠭᠯᠡᠨ᠂ ᠨᠢᠭᠡᠳᠦᠯᠲᠡᠶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠴᠢᠳᠠᠮᠵᠢ ᠶᠢᠨ ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠠᠶᠢᠭᠤᠯᠵᠤ᠂ ᠵᠢᠭᠳᠡ ᠪᠠᠷᠢᠮᠵᠢᠶ᠎ᠠ ᠲᠠᠢ᠂ ᠳ᠋ᠠᠶᠢᠲ᠋ᠠ ᠨᠢ ᠢᠷᠡᠯᠲᠡ ᠨᠢᠬᠡᠳᠡᠢ ᠬᠡᠷᠡᠭᠯᠡᠭᠡᠨ ᠤ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢᠴᠡᠳᠬᠡᠬᠦ ᠳᠤ ᠦᠢᠯᠡᠴᠢᠯᠡᠬᠦ᠂ ᠬᠠᠷᠢᠯᠴᠠᠨ ᠣᠶᠢᠯᠠᠭᠠᠯᠴᠠᠬᠤ ᠵᠡᠷᠭᠡ ᠴᠢᠳᠠᠮᠵᠢ ᠶᠢ ᠨᠢ ᠡᠷᠴᠢᠮᠵᠢᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠡᠷᠴᠢᠮᠵᠢᠭᠦᠯᠦᠭᠰᠡᠨ ᠲᠠᠪᠴᠠᠩ ᠨᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠣᠯᠠᠨ ᠲᠠᠩᠰᠠᠨ ᠡᠷᠦᠬᠡ ᠶᠢᠨ ᠬᠠᠮᠢᠶᠠᠷᠤᠯᠲᠠ᠂ ᠬᠢᠨᠠᠨ ᠰᠢᠨᠵᠢᠬᠦ ᠦᠢᠯᠡᠴᠢᠯᠡᠭᠡ ᠵᠡᠷᠭᠡ ᠴᠢᠳᠠᠮᠵᠢ ᠶᠢ ᠨᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠨᠡᠭᠡᠭᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠡᠷᠴᠢᠮᠵᠢᠭᠦᠯᠦᠭᠰᠡᠨ ᠲᠠᠪᠴᠠᠩ ᠳᠤ ᠠᠯᠬᠤᠮ ᠠᠯᠬᠤᠮ ᠢᠶᠠᠷ ᠰᠢᠯᠵᠢᠭᠦᠯᠦᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠩᠳᠠᠢ᠃      2. ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶᠢᠮᠠᠭ ᠬᠤᠲᠠ ᠨᠢ ᠲᠦᠷᠦᠯ ᠠᠩᠬᠢᠯᠠᠯ ᠨᠢ ᠰᠢᠨᠵᠢᠯᠡᠬᠦ ᠤᠬᠠᠭᠠᠨᠴᠢ᠂ ᠲᠦᠪᠯᠡᠷᠡᠭᠦᠯᠵᠣ ᠵᠢᠷᠤᠮᠵᠢᠭᠤᠯᠤᠭᠰᠠᠨ᠂ ᠬᠠᠮᠲᠤ ᠪᠠᠷ ᠭᠥᠷᠳᠡᠵᠦ ᠬᠠᠮᠲᠤ ᠪᠠᠷ ᠬᠡᠷᠩᠯᠡᠭᠦ ᠪᠥᠬᠦ ᠲᠠᠪᠴᠠᠩ ᠤᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠣ᠂ ︽ᠤᠷᠢᠳ ᠢᠶᠠᠷ ᠬᠥᠮᠥᠷᠭᠡ ᠳᠤ ᠣᠷᠣᠭᠤᠯᠵᠤ᠂ ᠳᠠᠷᠠᠭ᠎ᠠ ᠳᠤ ᠨᠢ ᠬᠡᠷᠡᠭᠯᠡᠬᠦ︾ ᠵᠠᠷᠴᠢᠮ ᠶᠣᠰᠣᠭᠠᠷ ᠬᠠᠮᠢᠶᠠᠷᠬᠤ ᠬᠡᠷᠡᠭᠲᠡᠶ᠃ ᠨᠢᠭᠡᠨᠲᠡ ᠡᠷᠴᠢᠮᠵᠢᠭᠦᠯᠦᠭᠰᠡᠨ ᠲᠠᠪᠴᠠᠩ ᠪᠠ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠪᠠᠶᠢᠭᠤᠯᠤᠭᠰᠠᠨ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠯᠦᠭᠡ ᠵᠣᠯᠭᠠᠭᠤᠯᠬᠤ ᠶᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠶ︔ ᠡᠷᠴᠢᠮᠵᠢᠭᠦᠯᠦᠭᠰᠡᠨ ᠲᠠᠪᠴᠠᠩ ᠪᠠ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠭᠠᠳᠤᠶ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠳᠤ ᠰᠠᠭᠤᠷᠢᠯᠠᠨ ᠣᠲᠣ ᠶᠢᠨ ᠪᠠᠶᠢᠭ᠎ᠠ ᠲᠠᠪᠴᠠᠩ ᠢᠶᠠᠨ ᠲᠠᠰ ᠳᠡᠪᠰᠢᠭᠦᠯᠦᠨ ᠦᠭᠡᠷᠡᠴᠢᠯᠡᠨ ᠰᠢᠨᠡᠳᠭᠡᠵᠦ᠂ ᠮᠡᠳᠡᠭᠡ ᠵᠠᠩᠭᠢ ᠶᠢᠨ ᠳ᠋ᠠᠶᠢᠲ᠋ᠠ ᠶᠢ ᠵᠣᠯᠭᠠᠭᠤᠯᠵᠤ ᠬᠠᠮᠲᠤ ᠪᠠᠷ ᠭᠥᠷᠳᠡᠬᠦ ᠶᠢ ᠪᠡᠶᠡᠯᠡᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠨᠢ ᠡᠯ᠎ᠡ ᠠᠶᠢᠮᠠᠭ ᠬᠤᠲᠠ ᠳᠤ ᠳ᠋ᠠᠶᠢᠲ᠋ᠠ ᠶᠢᠨ ᠵᠠᠯᠭᠠᠰᠤ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠳ᠋ᠠᠶᠢᠲ᠋ᠠ ᠪᠠᠨ ᠬᠠᠷᠢᠯᠴᠠᠨ ᠬᠤᠯᠪᠣᠵᠣ ᠠᠭᠤᠰᠣᠯᠴᠠᠨ ᠨᠡᠪᠲᠡᠷᠡᠯᠴᠡᠬᠦ ᠶᠢ ᠪᠡᠶᠡᠯᠡᠭᠦᠯᠭᠦ ᠬᠡᠷᠩᠳᠠᠢ᠃      3. ᠰᠦᠯᠵᠢᠶᠡᠨ ᠥᠷᠲᠡᠭᠡ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠬᠡᠷᠡᠭᠲᠡᠢ᠃ ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠬᠥᠭᠵᠢᠯᠲᠡ ᠶᠢᠨ ᠵᠢᠯᠣᠭᠤᠳᠤᠮᠵᠢ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠦᠯᠵᠢᠶᠡᠨ ᠥᠷᠲᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠰᠢᠨ᠎ᠡ ᠪᠠᠷ ᠨᠡᠭᠡᠭᠡᠬᠦ ᠳᠤ ᠲᠣᠰ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ︽ᠪᠥᠬᠦ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ︾ ᠳᠤ ᠭᠠᠷᠴᠤ ᠦᠨᠳᠦᠰᠦᠨ ᠮᠡᠳᠡᠭᠡ ᠵᠠᠩᠭᠢ ᠪᠠᠨ ᠲᠤᠰᠢᠶᠠᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠢᠯᠡᠷᠬᠡᠶᠢᠯᠡᠯ ᠤᠨ ᠺᠣᠳ᠋ ᠢ ᠤᠯᠬᠤ ᠶᠢᠨ ᠬᠠᠮᠲᠤ ᠠᠮᠤᠷ ᠲᠦᠪᠰᠢᠨ ᠤ ᠪᠠᠶᠢᠴᠠᠭᠠᠨ ᠰᠢᠯᠭᠠᠯᠲᠠ ᠶᠢ ᠦᠩᠭᠡᠷᠡᠭᠦᠯᠣᠭᠡᠣᠨ ᠰᠦᠯᠵᠢᠶᠡᠨ ᠳᠤ ᠭᠠᠷᠭᠠᠵᠤ ᠠᠵᠢᠯᠯᠠᠭᠤᠯᠵᠤ ᠪᠣᠯᠣᠨ᠎ᠠ᠃ ᠵᠢᠯᠤᠭᠤᠳᠤᠮᠵᠢ ᠶᠢᠨ ᠱᠠᠭᠠᠷᠳᠠᠯᠭ᠎ᠠ ᠶᠢᠨ ᠲᠠᠰ ᠳᠠᠷᠠᠭᠠᠯᠠᠯ ᠢᠶᠠᠷ ᠬᠠᠭᠠᠵᠤ ᠵᠣᠭᠰᠣᠭᠠᠬᠤ ᠭᠠᠷᠳᠠᠮ ᠭᠦᠢᠴᠡᠳᠬᠡᠭᠰᠡᠨ ᠥᠬᠡᠶ ᠪᠠᠷ ᠳᠤᠷ᠎ᠠ ᠪᠠᠷ ᠢᠶᠠᠨ ᠰᠦᠯᠵᠢᠶᠡᠨ ᠠᠴᠠ ᠪᠠᠭᠤᠯᠭᠠᠭᠰᠠᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠨᠢᠭᠡᠴᠢ ᠪᠠ ᠬᠠᠷᠢᠭᠤᠴᠠᠯᠭᠠᠲᠠᠨ ᠳᠤ ᠬᠠᠷᠢᠭᠤᠴᠠᠯᠭ᠎ᠠ ᠲᠤᠯᠭᠠᠨ ᠬᠡᠯᠡᠯᠴᠡᠭᠦ ᠬᠡᠷᠩᠳᠠᠢ᠃      ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃      1. ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠥᠬᠦᠶ ᠰᠠᠯᠠᠭ᠎ᠠ ᠮᠥᠴᠢᠷ ᠤᠳ ᠵᠠᠷᠴᠢᠮ ᠳᠡᠭᠡᠷ᠎ᠡ ᠪᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠭᠠᠷᠭᠠᠬᠤ ᠬᠡᠷᠡᠭᠲᠡᠶ᠂ ᠨᠢᠭᠡᠴᠢ ᠶᠢᠨ ᠳᠣᠲᠣᠭᠠᠳᠤ ᠳᠤ ᠪᠠᠨ ᠪᠠᠶᠢᠭᠤᠯᠤᠭᠰᠠᠨ ᠪᠠᠶᠢᠭᠤᠯᠤᠮᠵᠢ ᠶᠢᠨ ᠨᠡᠷ᠎ᠡ ᠪᠠᠷ ᠲᠠᠩᠰᠠᠨ ᠡᠷᠦᠬᠡ ᠶᠢᠨ ᠨᠣᠮᠧᠷ ᠨᠡᠭᠡᠭᠡᠵᠦ ᠪᠣᠯᠬᠤ ᠥᠬᠡᠶ᠃ ᠰᠢᠨ᠎ᠡ ᠵᠠᠭᠤᠴᠢᠯᠠᠭᠤᠷ ᠤᠨ ᠨᠡᠷᠡᠶᠢᠳᠦᠯ ᠨᠢ ᠲᠣᠪᠴᠢ ᠠᠪᠰᠠᠷᠬᠠᠨ ᠪᠦᠭᠡᠳ ᠵᠢᠷᠤᠮᠵᠢᠭᠤᠨ ᠪᠠᠶᠢᠵᠤ᠂ ᠭᠤᠣᠯᠴᠢᠯᠠᠨ ᠡᠷᠭᠢᠯᠡᠭᠰᠡᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠯᠤᠭ᠎ᠠ ᠬᠤᠯᠪᠣᠭ᠎ᠠ ᠲᠠᠢ ᠪᠠᠶᠢᠬᠤ ᠶᠢᠨ ᠬᠠᠮᠲᠤ᠂ ᠢᠯᠡ ᠪᠣᠯᠭᠠᠬᠤ ᠭᠡᠷᠡᠴᠢᠯᠡᠯ ᠤᠨ ᠮᠡᠳᠡᠭᠡ ᠵᠠᠩᠭᠢ ᠳᠤ ᠭᠤᠣᠯᠴᠢᠯᠠᠨ ᠡᠷᠭᠢᠯᠡᠭᠰᠡᠨ ᠨᠢᠭᠡᠴᠢ ᠶᠢᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠶ᠃ ᠬᠦᠴᠦᠨ ᠢᠶᠠᠨ ᠲᠦᠪᠯᠡᠷᠡᠭᠦᠯᠵᠦ ᠪᠠᠶᠢᠭᠠᠳ ᠨᠢᠭᠡ ᠭᠤᠣᠯ ᠳᠠᠩᠰᠠᠨ ᠡᠷᠦᠬᠡ ᠶᠢᠨ ᠨᠣᠮᠧᠷ ᠢ ᠰᠢᠯᠢᠳᠡᠭᠵᠢᠭᠦᠯᠦᠨ ᠴᠢᠩᠭᠠᠷᠠᠭᠤᠯᠵᠤ᠂ ᠨᠢᠭᠡ ᠨᠢᠭᠡᠴᠢ ᠨᠢ ᠵᠠᠷᠴᠢᠮ ᠳᠡᠭᠡᠷ᠎ᠡ ᠪᠠᠨ ᠨᠢᠭᠡ ᠲᠠᠪᠴᠠᠩ ᠳᠤ ᠨᠢᠭᠡ ᠯᠡ ᠳᠠᠩᠰᠠᠨ ᠡᠷᠦᠬᠡ ᠶᠢᠨ ᠨᠣᠮᠧᠷ ᠨᠡᠬᠡᠬᠡᠨ ᠪᠠᠶᠢᠭᠤᠯᠬᠤ ᠬᠡᠷᠡᠭᠲᠡᠢ᠃ ᠠᠳᠠᠯᠢ ᠨᠢᠭᠡᠨ ᠲᠠᠪᠴᠠᠩ ᠳᠡᠭᠡᠷ᠎ᠡ ᠣᠯᠠᠨ ᠲᠠᠩᠰᠠᠨ ᠡᠷᠦᠬᠡ ᠶᠢᠨ ᠨᠣᠮᠧᠷ ᠨᠡᠭᠡᠭᠡᠵᠦ ᠪᠠᠶᠢᠭᠤᠯᠤᠭᠰᠠᠨ ᠵᠢᠴᠢ ᠠᠳᠠᠯᠢ ᠪᠤᠰᠤ ᠲᠠᠪᠴᠠᠩ ᠳᠡᠭᠡᠷᠡᠬᠢ ᠴᠢᠳᠠᠮᠵᠢ ᠨᠢ ᠠᠳᠠᠯᠢᠪᠲᠤᠷ᠂ ᠬᠡᠷᠡᠭᠯᠡᠭᠴᠢ ᠶᠢᠨ ᠠᠩᠬᠠᠷᠤᠯ ᠤᠨ ᠬᠡᠮᠵᠢᠶ᠎ᠡ ᠳᠣᠤᠷ᠎ᠠ ᠪᠠ ᠠᠰᠢᠭᠯᠠᠯᠲᠠ ᠶᠢᠨ ᠨᠣᠷᠮ᠎ᠠ ᠥᠨᠳᠥᠷ ᠪᠢᠰᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠯᠭᠠᠷᠠᠭᠤᠯᠤᠨ ᠡᠮᠬᠢᠯᠡᠨ ᠨᠡᠶᠢᠯᠡᠭᠦᠯᠵᠦ᠂ ᠦᠨᠡᠨ ᠬᠦ ᠪᠠᠷᠢᠮᠲᠠᠯᠠᠨ ᠠᠵᠢᠯᠯᠠᠭᠤᠯᠬᠤ ᠴᠢᠳᠠᠯ ᠥᠬᠡᠶ ᠶᠢ ᠨᠢ ᠡᠷᠡᠰ ᠬᠠᠭᠠᠵᠤ ᠵᠣᠭᠰᠣᠭᠠᠬᠤ ᠬᠡᠷᠡᠭᠲᠡᠶ᠃ ᠰᠢᠯᠵᠢᠮᠡᠯ ᠬᠡᠷᠡᠭᠯᠡᠭᠴᠢ ᠶᠢᠨ ᠦᠵᠦᠭᠦᠷ ᠲᠤ IPv6 ︵ᠢᠨᠲ᠋ᠧᠷ ᠰᠦᠯᠵᠢᠶᠡᠨ ᠤ ᠵᠥᠪᠯᠡᠯᠴᠡᠭᠡᠷ ᠤᠨ 6 ᠳ᠋ᠤᠭᠠᠷ ᠬᠡᠪᠯᠡᠯ︶ ᠶᠢ ᠪᠥᠬᠦ ᠲᠠᠯ᠎ᠠ ᠪᠠᠷ ᠳᠡᠮᠵᠢᠵᠦ᠂ ᠠᠳᠠᠯᠢ ᠪᠤᠰᠤ ᠲᠡᠭᠦᠰᠬᠡᠯ ᠦᠵᠣᠭᠦᠷ ᠲᠤ ᠳᠥᠭᠦᠮ ᠳᠥᠲᠡ ᠬᠡᠷᠡᠭᠯᠡᠬᠦ ᠶᠢ ᠳᠡᠮᠵᠢᠬᠦ ᠬᠡᠷᠡᠭᠲᠡᠶ᠃      2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠦᠷᠢᠳᠭᠡᠨ ᠳᠠᠩᠰᠠᠯᠠᠬᠤ ᠲᠦᠷᠢᠮ ᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠡᠬᠡᠬᠡᠨ ᠪᠠᠶᠢᠭᠤᠯᠬᠤ᠂ ᠬᠤᠪᠢᠷᠠᠭᠤᠯᠬᠤ᠂ ᠬᠠᠭᠠᠵᠤ ᠵᠣᠭᠰᠣᠭᠠᠬᠤ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠢᠨᠠᠨ ᠬᠠᠷᠭᠤᠭᠤᠯᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠡᠭᠡᠭᠡᠨ ᠪᠠᠶᠢᠭᠤᠯᠬᠤ ᠳᠤ᠂ ᠲᠣᠰ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠬᠦᠷᠳᠡᠯ᠎ᠠ ᠱᠠᠲᠤ ᠳᠠᠷᠠᠭᠠᠯᠠᠨ ᠮᠡᠳᠡᠭᠦᠯᠵᠣ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠳᠠᠩᠰᠠᠯᠠᠬᠤ ᠬᠡᠷᠩᠳᠠᠢ︔ ᠬᠤᠪᠢᠷᠠᠭᠤᠯᠬᠤ᠂ ᠬᠠᠭᠠᠵᠤ ᠵᠣᠭᠰᠣᠭᠠᠬᠤ ᠠᠵᠢᠯ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠢᠨᠠᠨ ᠬᠠᠷᠭᠤᠭᠤᠯᠬᠤ ᠬᠡᠷᠡᠭᠲᠡᠶ᠃ ᠬᠢᠨᠠᠨ ᠬᠠᠮᠢᠶᠠᠷᠬᠤ ᠬᠡᠪᠴᠢᠶᠡᠨ ᠳᠤ ᠪᠠᠶᠢᠬᠤ ᠥᠬᠡᠶ᠂ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠦᠯᠦᠨ ᠬᠦᠷᠭᠡᠬᠦ ᠰᠢᠰᠲ᠋ᠧᠮ︾ ᠠᠴᠠ ᠬᠠᠰᠤᠵᠤ ᠬᠠᠶᠠᠬᠤ ᠴᠢᠬᠤᠯᠠᠲᠠᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠢᠴᠢᠭ ᠤᠨ ᠬᠡᠯᠪᠡᠷᠢ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ᠬᠦᠷᠳᠡᠯ᠎ᠠ ᠱᠠᠲᠤ ᠳᠠᠷᠠᠭᠠᠯᠠᠨ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠶ᠃ ᠭᠤᠣᠯᠴᠢᠯᠠᠨ ᠡᠷᠭᠢᠯᠡᠭᠰᠡᠨ ᠨᠢᠭᠡᠴᠢ ᠨᠢ ᠬᠤᠪᠢᠷᠠᠯᠳᠠ ᠲᠠᠢ ᠪᠣᠯ᠂ ᠲᠠᠩᠰᠠᠨ ᠡᠷᠦᠬᠡ ᠶᠢᠨ ᠨᠣᠮᠧᠷ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠤᠪᠢᠷᠠᠭᠤᠯᠬᠤ ᠪᠤᠶᠤ ᠬᠦᠴᠦᠨ ᠥᠬᠡᠶ ᠪᠣᠯᠭᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠡᠭᠡᠭᠡᠨ ᠪᠠᠶᠢᠭᠤᠯᠬᠤ᠂ ᠬᠤᠪᠢᠷᠠᠭᠤᠯᠬᠤ᠂ ᠬᠠᠭᠠᠵᠤ ᠵᠣᠭᠰᠣᠭᠠᠬᠤ ᠳᠤ ᠴᠥᠮ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠦᠯᠦᠨ ᠬᠦᠷᠭᠡᠬᠦ ᠰᠢᠰᠲ᠋ᠧᠮ︾ ᠳᠤ ᠭᠤᠶᠤᠴᠢᠯᠠᠯ ᠳᠡᠪᠰᠢᠭᠦᠯᠬᠦ ᠬᠡᠷᠡᠭᠲᠡᠶ᠃      3. ︽ᠮᠦᠩᠬᠡ ᠰᠤᠪᠠᠭ︾ ᠤᠨ ᠪᠥᠬᠦ ᠣᠷᠣᠨ ᠤ ᠭᠠᠷ ᠤᠲᠠᠰᠤᠨ ᠳᠠᠬᠢ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ︽ᠮᠦᠩᠬᠡ ᠰᠤᠪᠠᠭ︾ ᠢ ᠪᠥᠬᠦ ᠣᠷᠣᠨ ᠤ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠶᠡᠷᠦᠩᠬᠡᠶ ᠫᠣᠷᠲ᠋ᠧᠯ᠂ ᠶᠡᠷᠦᠩᠬᠡᠶ ᠲᠠᠪᠴᠠᠩ ᠪᠣᠯᠭᠠᠵᠤ᠂ ᠡᠯ᠎ᠡ ᠰᠠᠯᠠᠭ᠎ᠠ ᠮᠥᠴᠢᠷ ︵ᠠᠵᠢᠯ ᠲᠥᠷᠥᠯ︶ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠯᠴᠡᠬᠦ ᠪᠠ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠦᠨᠡᠯᠡᠯᠲᠡ ᠶᠢ ᠴᠢᠩᠭᠠᠷᠠᠭᠤᠯᠬᠤ ᠬᠡᠷᠡᠭᠲᠡᠢ᠃      ︵ᠭᠤᠷᠪᠠ︶ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃      1. ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠮᠵᠢ ᠶᠢ ᠨᠢ ᠭᠦᠨᠵᠡᠭᠡᠶᠢᠷᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ ᠬᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠢᠭᠡᠳᠦᠭᠡᠷ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠩᠭᠤᠵᠢᠭᠰᠠᠨ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠣᠯᠠᠨ ᠬᠡᠯᠪᠡᠷᠢ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠬᠢᠭᠡᠳ ᠲᠠᠶᠢᠯᠤᠮᠵᠢ ᠶᠢᠨ ᠮᠠᠲ᠋ᠧᠷᠢᠶᠠᠯ ᠢ ᠬᠠᠷᠢᠯᠴᠠᠨ ᠬᠤᠯᠪᠣᠭᠳᠠᠭᠤᠯᠬᠤ ᠶᠢ ᠪᠡᠶᠡᠯᠡᠭᠦᠯᠬᠦ ᠬᠡᠷᠡᠭᠲᠡᠶ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠬᠠᠤᠯᠢ ᠶᠣᠰᠣᠭᠠᠷ᠂ ᠴᠠᠭ ᠲᠤᠬᠠᠶ ᠳᠤ ᠨᠢ᠂ ᠣᠨᠣᠪᠴᠢᠲᠠᠶ ᠪᠠᠷ ᠨᠡᠶᠢᠭᠡᠮ ᠳᠤ ᠢᠯᠡ ᠪᠣᠯᠭᠠᠵᠤ᠂ ᠴᠢᠬᠤᠯᠠ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢᠨ ᠬᠦᠴᠦᠨ ᠲᠠᠢ ᠬᠤᠭᠤᠴᠠᠭ᠎ᠠ ᠶᠢᠨ ᠲᠣᠳᠣᠷᠬᠠᠶᠢᠯᠠᠯᠲᠠ ᠶᠢ ᠰᠠᠶᠢᠲᠤᠷ ᠬᠢᠬᠦ ᠬᠡᠷᠡᠭᠲᠡᠶ᠃ ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠬᠦᠴᠦᠯᠡᠨ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠵᠠᠷᠴᠢᠮ ᠶᠣᠰᠣᠭᠠᠷ᠂ ᠤᠬᠠᠭᠤᠯᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃      2. ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠴᠢᠳᠠᠮᠵᠢ ᠶᠢ ᠲᠦᠪᠯᠡᠷᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠶᠠᠪᠤᠳᠠᠯ ᠭᠦᠢᠴᠡᠳᠭᠡᠬᠦ ᠲᠠᠯ᠎ᠠ ᠪᠠᠷ ᠬᠢ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠦᠯᠵᠢᠶᠡᠨ ᠦᠷᠳᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠮᠡᠳᠡᠭᠡ ᠵᠠᠩᠭᠢ ᠳ᠋ᠠᠶᠢᠲ᠋ᠠ ᠪᠠᠨ ᠬᠠᠷᠢᠯᠴᠠᠨ ᠬᠤᠯᠪᠣᠵᠤ ᠬᠠᠮᠲᠤ ᠪᠠᠷ ᠬᠦᠷᠳᠡᠭᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠩ ᠤᠯᠠᠨ ᠵᠦᠢᠯᠡᠰ ᠢ ︽ᠰᠦᠯᠵᠢᠶ᠎ᠡ ᠪᠠᠷ ᠰᠢᠢᠳᠪᠦᠷᠢᠯᠡᠬᠦ︾ ︽ᠭᠠᠷ ᠤᠲᠠᠰᠤ ᠪᠠᠷ ᠰᠢᠢᠳᠪᠦᠷᠢᠯᠡᠬᠦ︾ ᠶᠢ ᠠᠬᠢᠭᠤᠯᠬᠤ ᠬᠡᠷᠩᠳᠠᠢ᠃ ᠰᠦᠯᠵᠢᠶ᠎ᠡ ᠪᠠᠷ ᠭᠦᠢᠴᠡᠳᠬᠡᠵᠦ ᠪᠣᠯᠬᠤ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠵᠦᠢᠯᠡᠰ ᠪᠦᠬᠦᠨ ᠢ ︽ᠮᠦᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃      3. ᠵᠠᠰᠠᠭ ᠪᠠ ᠠᠷᠠᠳ ᠤᠨ ᠬᠠᠷᠢᠯᠴᠠᠨ ᠬᠥᠳᠡᠯᠦᠯᠴᠡᠬᠦ ᠲᠠᠯ᠎ᠠ ᠪᠠᠷ ᠬᠢ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠠᠬᠢ ᠦᠯᠡᠳᠡᠭᠡᠭᠰᠡᠨ ᠦᠭᠡ ᠶᠢ ᠭᠦᠢᠴᠡᠳᠬᠡᠬᠦ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠠᠷ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠭᠦ ᠬᠡᠷᠩᠳᠠᠢ᠃ ᠰᠦᠯᠵᠢᠶᠡᠨ ᠢᠷᠭᠡᠳ ᠤᠨ ᠦᠯᠡᠳᠡᠭᠡᠭᠰᠡᠨ ᠦᠭᠡ ᠶᠢ ᠬᠢᠨᠠᠨ ᠦᠵᠡᠬᠦ᠂ ᠰᠢᠢᠳᠪᠦᠷᠢᠯᠡᠬᠦ ᠪᠠ ᠬᠠᠷᠢᠭᠤ ᠲᠤᠰᠬᠠᠬᠤ ᠵᠡᠷᠭᠡ ᠲᠣᠭᠲᠠᠴᠠ ᠵᠢᠴᠢ ᠨᠢᠭᠡᠳᠦᠯᠲᠡᠶ᠂ ᠡᠷᠬᠡ ᠰᠦᠷ ᠲᠠᠢ᠂ ᠪᠥᠬᠦ ᠲᠠᠯ᠎ᠠ ᠶᠢᠨ ᠠᠰᠠᠭᠤᠨ ᠯᠠᠪᠯᠠᠬᠤ ᠠᠰᠠᠭᠤᠯᠲᠠ ᠬᠠᠷᠢᠭᠤᠯᠲᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠭᠦ ᠬᠡᠷᠩᠳᠠᠢ᠃      4. ᠤᠬᠠᠭᠤᠯᠵᠤ ᠬᠥᠲᠥᠯᠦᠨ ᠳᠠᠭᠠᠭᠤᠯᠬᠤ ᠲᠠᠯ᠎ᠠ ᠪᠠᠷ ᠬᠢ ᠴᠢᠳᠠᠮᠵᠢ ᠶᠢ ᠴᠢᠩᠭᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠤᠯᠤᠰ ᠲᠦᠷᠦᠴᠢ ᠴᠢᠨᠠᠷ᠂ ᠡᠷᠬᠡ ᠰᠦᠷᠲᠦ ᠴᠢᠨᠠᠷ ᠪᠠ ᠬᠤᠭᠤᠴᠠᠭᠠᠲᠤ ᠴᠢᠨᠠᠷ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶ᠎ᠡ ᠪᠠᠷ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠬᠢᠬᠦ ᠶᠢ ᠦᠨᠡᠨ ᠬᠦ ᠴᠢᠩᠭᠠᠳᠬᠠᠵᠤ᠂ ᠰᠦᠯᠵᠢᠶᠡᠨ ᠳᠡᠭᠡᠷᠡᠬᠢ ᠣᠯᠠᠨ ᠤ ᠠᠩᠬᠠᠷᠤᠯ ᠳᠤ ᠭᠦᠷᠴᠣ ᠪᠠᠶᠢᠭ᠎ᠠ ᠬᠠᠯᠠᠮᠰᠢᠯ ᠠᠰᠠᠭᠤᠳᠠᠯ ᠤᠨ ᠲᠤᠬᠠᠶ ᠤᠯᠤᠯᠴᠠᠵᠦ ᠨᠡᠪᠳᠡᠷᠡᠯᠴᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠪᠤᠷ ᠢᠶᠠᠨ ᠢᠯᠡᠳᠬᠡᠵᠦ᠂ ᠪᠦᠲᠦᠮᠵᠢᠲᠡᠶ ᠪᠠᠷ ᠬᠥᠲᠥᠯᠥᠨ ᠵᠢᠯᠣᠭᠤᠳᠬᠤ ᠬᠡᠷᠡᠭᠲᠡᠶ᠃      ᠭᠤᠷᠪᠠ᠂ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ      ︵ᠨᠢᠭᠡ︶ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ᠱᠠᠲᠤ ᠬᠤᠪᠢᠶᠠᠨ ᠬᠢᠨᠠᠨ ᠬᠠᠷᠭᠤᠭᠤᠯᠬᠤ᠂ ᠤᠷᠢᠳ ᠪᠠᠷ ᠬᠢᠨᠠᠵᠤ ᠳᠠᠷᠠᠭ᠎ᠠ ᠨᠢ ᠨᠡᠢᠲᠡᠯᠡᠬᠦ︾ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢᠨ ᠨᠡᠶᠢᠲᠡᠯᠡᠵᠦ ᠬᠢᠨᠠᠨ ᠬᠠᠷᠭᠤᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠭᠤᠣᠯᠴᠢᠯᠠᠨ ᠡᠷᠭᠢᠯᠡᠭᠰᠡᠨ ᠨᠢᠭᠡᠴᠢ ᠨᠢ ᠠᠭᠤᠯᠭ᠎ᠠ ᠶᠢᠨ ᠮᠡᠳᠡᠭᠡ ᠵᠠᠩᠭᠢ ᠨᠡᠶᠢᠲᠡᠯᠡᠬᠦ ᠶᠢ ᠰᠠᠢᠳᠣᠷ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠮᠡᠳᠡᠭᠡ ᠵᠠᠩᠭᠢ ᠨᠡᠶᠢᠲᠡᠯᠡᠬᠦ ᠲᠦᠭᠰᠢᠭᠦᠷᠢ ᠶᠢᠨ ᠤᠷᠢᠳᠠᠴᠢ ᠬᠢᠨᠠᠨ ᠬᠠᠷᠭᠤᠭᠤᠯᠤᠯᠲᠠ ᠶᠢ ᠴᠢᠩᠭᠠᠳᠬᠠᠨ᠂ ᠮᠡᠳᠡᠭᠡ ᠵᠠᠩᠭᠢ ᠶᠢᠨ ᠢᠷᠡᠯᠲᠡ ᠶᠢᠨ ᠬᠠᠤᠯᠢ ᠶᠣᠰᠣᠨ ᠤ ᠪᠥᠭᠡᠳ ᠵᠢᠩᠬᠢᠨᠢᠴᠢᠯᠡᠭᠰᠡᠨ᠂ ᠡᠷᠬᠡ ᠰᠦᠷᠳᠣ ᠪᠥᠭᠡᠳ ᠵᠦᠪ ᠣᠨᠣᠪᠴᠢᠲᠠᠶ᠂ ᠴᠠᠭ ᠲᠤᠬᠠᠶᠢᠴᠢ ᠪᠦᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠪᠢ ᠬᠦᠮᠣᠨ ᠤ ᠦᠵᠡᠯᠲᠡ᠂ ᠰᠠᠨᠠᠯ ᠵᠡᠷᠭᠡ ᠶᠢ ᠲᠦᠯᠦᠭᠡᠯᠡᠭᠰᠡᠨ ᠦᠭᠡ ᠶᠠᠷᠢᠶ᠎ᠠ ᠶᠢ ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠦᠭᠡᠢ᠃ ᠭᠠᠵᠠᠷ ᠤᠨ ᠵᠢᠷᠤᠭ ᠬᠡᠷᠡᠭᠯᠡᠬᠦ ᠳᠤ ᠪᠠᠨ ᠬᠡᠮᠵᠢᠨ ᠵᠢᠷᠤᠬᠤ ᠪᠠ ᠭᠠᠵᠠᠷ ᠵᠦᠢ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠪᠠᠷᠢᠮᠵᠢᠶᠠᠲᠤ ᠭᠠᠵᠠᠷ ᠤᠨ ᠵᠢᠷᠤᠭ ᠪᠤᠶᠤ ᠬᠠᠤᠯᠢ ᠶᠣᠰᠣᠭᠠᠷ ᠵᠢᠷᠤᠭ ᠬᠢᠨᠠᠭᠰᠠᠨ ᠨᠣᠮᠧᠷ ᠣᠯᠤᠭᠰᠠᠨ ᠭᠠᠵᠠᠷ ᠤᠨ ᠵᠢᠷᠤᠭ ᠢ ᠬᠡᠷᠡᠭᠯᠡᠬᠦ ᠬᠡᠷᠡᠭᠲᠡᠶ᠃      ︵ᠬᠤᠶᠠᠷ︶ ᠠᠵᠢᠯᠯᠠᠭᠤᠯᠵᠤ ᠪᠠᠲᠤᠯᠠᠬᠤ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠤᠰᠬᠠᠶ ᠬᠥᠮᠦᠨ ᠵᠢᠭᠠᠨ ᠲᠣᠭᠳᠠᠭᠠᠨ ᠮᠡᠳᠡᠭᠡ ᠵᠠᠩᠭᠢ ᠶᠢᠨ ᠠᠭᠤᠯᠭ᠎ᠠ ᠪᠠ ᠠᠮᠤᠷ ᠲᠦᠪᠰᠢᠨ ᠤ ᠠᠵᠢᠯᠯᠠᠭᠠᠨ ᠵᠡᠷᠭᠡ ᠠᠵᠢᠯ ᠢ ᠬᠠᠷᠢᠭᠤᠴᠠᠭᠤᠯᠬᠤ ᠬᠡᠷᠡᠭᠲᠡᠶ᠃ ᠭᠤᠣᠯᠴᠢᠯᠠᠨ ᠡᠷᠭᠢᠯᠡᠬᠦ ᠨᠢᠭᠡᠴᠢ ᠨᠢ ᠵᠢᠵᠢᠭᠦᠷᠯᠡᠬᠦ ᠲᠦᠷᠢᠮ ᠪᠠ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯᠯᠠᠭᠠᠨ ᠤ ᠳᠤᠮᠳᠠᠬᠢ ᠠᠰᠠᠭᠤᠳᠠᠯ ᠢ ᠴᠠᠭ ᠲᠤᠬᠠᠶ ᠳᠤ ᠨᠢ ᠣᠯᠵᠤ ᠮᠡᠳᠡᠬᠦ ᠪᠠ ᠵᠠᠯᠠᠷᠠᠭᠤᠯᠬᠤ ᠶᠢᠨ ᠬᠠᠮᠲᠤ ᠰᠠᠶᠢᠲᠤᠷ ᠲᠡᠮᠳᠡᠭᠯᠡᠵᠦ᠂ ᠬᠠᠤᠯᠢ ᠠᠴᠠ ᠵᠥᠷᠢᠴᠡᠭᠰᠡᠨ ᠬᠦᠨᠦᠭᠡᠯᠲᠡᠢ ᠮᠡᠳᠡᠭᠡ ᠵᠠᠩᠭᠢ ᠶᠢ ᠣᠯᠵᠤ ᠮᠡᠳᠡᠪᠡᠯ ᠲᠡᠷᠡ ᠳᠠᠷᠤᠶ ᠳᠤ ᠨᠢ ᠰᠢᠢᠳᠪᠦᠷᠢᠯᠡᠵᠦ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠪᠠᠯ ᠠᠵᠢᠯ ᠤᠨ ᠲᠠᠰ ᠳᠠᠷᠠᠭᠠᠯᠠᠯ ᠢᠶᠠᠷ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠶᠢᠨ ᠬᠠᠮᠲᠤ᠂ ᠭᠤᠤᠯᠴᠢᠯᠠᠨ ᠬᠠᠮᠢᠶᠠᠷᠬᠤ ᠨᠢᠭᠡᠴᠢ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠵᠢᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ︾ ᠶᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠰᠦᠯᠵᠢᠶᠡᠨ ᠥᠷᠲᠡᠭᠡ ᠶᠢᠨ ᠲᠦᠷᠦᠭᠦᠤ ᠨᠢᠭᠤᠷ ᠤᠨ ᠢᠯᠡᠷᠬᠡᠶ ᠪᠠᠶᠢᠷᠢᠨ ᠳᠤ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠬᠡᠷᠡᠭᠲᠡᠶ᠃      ︵ᠭᠤᠷᠪᠠ︶ ᠠᠮᠤᠷ ᠲᠦᠪᠰᠢᠨ ᠤ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠮᠡᠷᠭᠡᠵᠢᠯ ᠤᠨ ᠠᠮᠤᠷ ᠲᠦᠪᠰᠢᠨ ᠢ ᠲᠠᠪᠴᠠᠩ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠠᠴᠠ ᠬᠠᠷᠢᠭᠤᠴᠠᠵᠤ᠂ ᠠᠭᠤᠯᠭ᠎ᠠ ᠶᠢᠨ ᠠᠮᠤᠷ ᠲᠦᠪᠰᠢᠨ ᠢ ᠭᠤᠣᠯᠴᠢᠯᠠᠨ ᠡᠷᠬᠢᠯᠡᠬᠦ ᠨᠢᠭᠡᠴᠢ ᠠᠴᠠ ᠬᠠᠷᠢᠭᠤᠴᠠᠬᠤ ᠬᠡᠷᠩᠳᠠᠢ᠃ ᠭᠤᠤᠯᠴᠢᠯᠠᠨ ᠬᠠᠮᠢᠶᠠᠷᠬᠤ ᠨᠢᠭᠡᠴᠢ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠮᠤᠷ ᠲᠦᠪᠰᠢᠨ ᠤ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠮᠡᠷᠭᠡᠵᠢᠯ ᠤᠨ ᠲᠠᠪᠴᠠᠩ ᠪᠠ ᠠᠭᠤᠯᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠬᠡᠷᠡᠭᠲᠡᠶ᠃ ᠭᠤᠣᠯᠴᠢᠯᠠᠨ ᠡᠷᠬᠢᠯᠡᠬᠦ ᠨᠢᠭᠡᠴᠢ ᠨᠢ ᠲᠠᠩᠰᠠᠨ ᠨᠣᠮᠧᠷ ᠨᠢᠭᠤᠴᠠ ᠨᠣᠮᠧᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠪᠣᠯᠬᠤ ᠬᠦᠨᠳᠡᠭᠦᠷᠢ ᠲᠠᠢ ᠮᠡᠳᠡᠭᠡ ᠵᠠᠩᠭᠢ ᠶᠢ ᠡᠳᠦᠷ ᠪᠦᠷᠢ ᠰᠢᠷᠪᠢᠵᠦ ᠰᠤᠭᠤᠴᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠠᠴᠠ ᠳᠠᠪᠠᠭᠰᠠᠨ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠪᠠ ᠲᠣᠭᠲᠠᠭᠠᠯ ᠠᠴᠠ ᠵᠥᠷᠢᠴᠡᠨ ᠣᠯᠵᠤ ᠪᠣᠯᠬᠤ ᠥᠬᠡᠶ᠂ ᠬᠡᠷᠡᠭᠯᠡᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ ᠠᠭᠤᠯᠭ᠎ᠠ ᠶᠢ ᠢᠯᠡ ᠪᠣᠯᠭᠠᠵᠤ ᠪᠣᠯᠬᠤ ᠥᠬᠡᠶ᠃      ︵ᠳᠥᠷᠪᠡ︶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ᠃ ᠡᠯ᠎ᠡ ᠭᠤᠤᠯᠴᠢᠯᠠᠨ ᠬᠠᠮᠢᠶᠠᠷᠬᠤ ᠨᠢᠭᠡᠴᠢ ᠨᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠯᠠᠷᠢᠯ ᠪᠦᠷᠢ ᠳᠤ ᠨᠢᠭᠡ ᠤᠳᠠᠭ᠎ᠠ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠶ ᠳᠤ ᠨᠢ ᠢᠯᠡ ᠪᠣᠯᠭᠠᠬᠤ ᠬᠡᠷᠡᠭᠲᠡᠶ᠃ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠰᠤᠭᠤᠴᠢᠨ ᠪᠠᠶᠢᠴᠠᠭᠠᠳ ᠨᠡᠪᠳᠡᠷᠡᠭᠦᠯᠵᠣ ᠮᠡᠳᠡᠭᠡᠯᠡᠭᠰᠡᠨ ᠠᠰᠠᠭᠤᠳᠠᠯ ᠲᠠᠢ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠬᠠᠷᠢᠭᠤᠴᠠᠯᠭ᠎ᠠ ᠬᠡᠯᠡᠯᠴᠡᠬᠦ ᠶᠢ ᠬᠡᠷᠡᠭᠵᠢᠭᠦᠯᠵᠦ᠂ ᠨᠡᠪᠳᠡᠷᠡᠭᠦᠯᠭᠦ ᠮᠡᠳᠡᠭᠡᠯᠡᠯ ᠪᠠᠭᠤᠯᠭᠠᠭᠰᠠᠨ 10 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠥᠬᠦᠶ ᠭᠠᠵᠠᠷ ᠣᠷᠣᠨ ᠨᠢ ᠲᠣᠰ ᠭᠠᠵᠠᠷ ᠣᠷᠣᠨ ᠤ ᠴᠡᠭᠴᠡᠯᠡᠨ ᠰᠠᠶᠢᠵᠢᠷᠠᠭᠤᠯᠤᠭᠰᠠᠨ ᠪᠠ ᠬᠠᠷᠢᠭᠤᠴᠠᠯᠭ᠎ᠠ ᠬᠡᠯᠡᠯᠴᠡᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠪᠢᠴᠢᠭ ᠢᠶᠠᠷ ᠮᠡᠳᠡᠭᠦᠯᠬᠦ ᠬᠡᠷᠡᠭᠲᠡᠶ᠃ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠬᠦ᠂ ᠰᠦᠯᠵᠢᠶᠡᠨ ᠢᠷᠭᠡᠳ ᠤᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠤᠳᠠᠯ ᠬᠠᠭᠤᠷᠮᠠᠭ ᠪᠦᠬᠦᠢ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠲᠣᠭᠲᠠᠴᠠ ᠪᠠᠨ ᠰᠢᠯᠤᠭᠤᠳᠬᠠᠨ᠂ ᠴᠢᠬᠤᠯᠠ ᠪᠥᠬᠦᠶ ᠵᠠᠷᠤᠳᠠᠯ ᠤᠨ ᠪᠠᠲᠤᠯᠠᠭ᠎ᠠ ᠬᠠᠩᠭᠠᠵᠤ᠂ ᠠᠵᠢᠯ ᠤᠨ ᠬᠦᠴᠦᠨ ᠢᠶᠠᠨ ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠢ ᠲᠣᠭᠲᠠᠭᠠᠬᠤ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢ ᠨᠠᠶᠢᠷᠠᠭᠤᠯᠤᠨ ᠨᠡᠶᠢᠲᠡᠯᠡᠬᠦ᠂ ᠬᠠᠷᠢᠭᠤ ᠥᠭᠴᠦ ᠬᠥᠲᠥᠯᠦᠨ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠵᠠᠰᠠᠭ ᠤᠨ ᠶᠠᠪᠤᠳᠠᠯ ᠢ ᠢᠯᠡ ᠪᠣᠯᠭᠠᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠶᠢ ᠬᠢᠨᠠᠨ ᠰᠢᠨᠵᠢᠭᠦ ᠪᠠ ᠰᠤᠭᠤᠴᠢᠨ ᠪᠠᠶᠢᠴᠠᠭᠠᠬᠤ ᠶᠢᠨ ᠬᠠᠮᠲᠤ᠂ ᠬᠤᠯᠪᠣᠭᠳᠠᠯ ᠪᠥᠬᠦᠶ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠠ᠃      2021 ᠣᠨ ᠤ 7 ᠳ᠋ᠤᠭᠠᠷ ᠰᠠᠷ᠎ᠠ ᠶᠢᠨ 8 ᠤ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂      ᠦᠪᠦᠷ ᠮᠣᠩᠭᠤᠯ ᠤᠨ ᠴᠡᠷᠢᠭ ᠤᠨ ᠲᠣᠭᠤᠷᠢᠭ᠂      ᠵᠡᠪᠰᠡᠭᠲᠦ ᠴᠠᠭᠳᠠᠭ᠎ᠠ ᠶᠢᠨ ᠦᠪᠦᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂      ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ      ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ      ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ